ᠥᠪᠥᠷ ᠮᠣᠩᠭᠣᠯ ᠪᠠᠭᠰᠢ ᠶᠢᠨ ᠪᠦᠬᠦ ᠲᠠᠯ᠎ᠠ ᠪᠠᠷ ᠭᠦᠨᠵᠡᠭᠡᠢᠷᠡᠭᠦᠯᠵᠦ ᠪᠤᠢ 内蒙古将各方面提高教师待遇

ᠥᠪᠥᠷ ᠮᠣᠩᠭᠣᠯ ᠪᠠᠭᠰᠢ ᠶᠢᠨ ᠡᠩᠨᠡᠭᠡ ᠶᠢᠨ ᠪᠠᠢᠭᠤᠯᠤᠯᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠢᠷᠡᠭᠦᠯᠵᠦ ᠪᠤᠢ

ᠤᠢᠢᠷ᠎ᠡ ᠶᠢᠨ ᠡᠳᠦᠷ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠲᠦᠷᠦᠭᠦᠬᠡᠨ 《ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡ ᠶᠢᠨ ᠪᠠᠢᠭᠤᠯᠤᠯᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠢᠷᠡᠭᠦᠯᠬᠦ ᠲᠤᠬᠠᠢ ᠬᠡᠷᠡᠭᠵᠢᠭᠦᠯᠬᠦ ᠰᠠᠨᠠᠯ》(ᠳᠣᠷᠣᠭᠰᠢ《 ᠬᠡᠷᠡᠭᠵᠢᠭᠦᠯᠬᠦ ᠰᠠᠨᠠᠯ 》ᠭᠡᠵᠦ ᠲᠣᠪᠴᠢᠯᠠᠨ᠎ᠠ) ᠢ ᠨᠡᠢᠲᠡᠯᠡᠪᠡ ᠃
  《ᠬᠡᠷᠡᠭᠵᠢᠭᠦᠯᠬᠦ ᠰᠠᠨᠠᠯ 》ᠳ᠋ᠦ ᠂ ᠪᠠᠭᠰᠢ ᠶᠢᠨ ᠰᠤᠷᠭᠠᠨ ᠬᠦᠮᠦᠵᠢᠯ ᠢ ᠶᠡᠬᠡ ᠬᠦᠴᠦᠨ ᠢᠶᠡᠷ ᠬᠦᠭᠵᠢᠭᠦᠯᠵᠦ ᠂ ᠪᠠᠭᠰᠢ ᠶᠢᠨ ᠡᠩᠨᠡᠭᠡ ᠶᠢᠨ ᠲᠤᠰᠬᠠᠢ ᠮᠡᠷᠭᠡᠵᠢᠯ ᠦᠨ ᠬᠡᠪ ᠴᠢᠨᠠᠷ ᠪᠠ ᠴᠢᠳᠠᠪᠤᠷᠢ ᠶᠢ ᠪᠦᠬᠦ ᠲᠠᠯ᠎ᠠ ᠪᠠᠷ ᠲᠡᠭᠡᠭᠰᠢᠯᠡᠭᠦᠯᠬᠦ ᠶᠢ ᠱᠠᠭᠠᠷᠳᠠᠵᠠᠢ ᠂ ᠡᠭᠦᠨ ᠳ᠋ᠦ ᠪᠠᠭᠰᠢ ᠶᠢᠨ ᠶᠡᠬᠡ ᠲᠡᠭᠡᠳᠦ ᠰᠤᠷᠭᠠᠭᠤᠯᠢ ᠪᠣᠯᠣᠨ ᠪᠠᠭᠰᠢ ᠶᠢᠨ ᠰᠤᠷᠭᠠᠨ ᠬᠦᠮᠦᠵᠢᠯ ᠢ ᠲᠡᠳᠭᠦᠭᠦ ᠡᠷᠴᠢᠮ ᠢᠶᠡᠨ ᠴᠢᠩᠭᠠᠷᠠᠭᠤᠯᠵᠤ ᠂ ᠪᠠᠭᠰᠢ ᠨᠠᠷ ᠶᠢᠨ ᠪᠣᠯᠪᠠᠰᠤᠷᠠᠭᠤᠯᠤᠯ ᠤᠨ ᠰᠢᠰᠲ᠋ᠧᠮ ᠦᠨ ᠪᠠᠢᠭᠤᠯᠤᠯᠲᠠ ᠶᠢ ᠴᠢᠩᠭᠠᠳᠬᠠᠨ ᠂ ᠲᠡᠭᠡᠳᠦ ᠬᠡᠪ ᠴᠢᠨᠠᠷ ᠪᠦᠬᠦᠢ ᠲᠤᠰᠬᠠᠢᠵᠢᠭᠰᠠᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠡᠩᠨᠡᠭᠡ ᠶᠢ ᠪᠠᠢᠭᠤᠯᠬᠤ ᠵᠡᠷᠭᠡ ᠠᠭᠤᠯᠭ᠎ᠠ ᠪᠠᠭᠲᠠᠨ᠎ᠠ ᠃
  ᠡᠬᠦᠨ ᠦ ᠬᠠᠮᠲᠤ ᠂《ᠬᠡᠷᠡᠭᠵᠢᠭᠦᠯᠬᠦ ᠰᠠᠨᠠᠯ》ᠳ᠋ᠦ ᠠᠵᠢᠯ ᠤᠨ ᠡᠷᠬᠡ ᠬᠦᠮᠦᠨ ᠦ ᠡᠷᠬᠡ ᠡᠳ᠋ ᠦᠨ ᠡᠷᠬᠡ ᠶᠢ ᠨᠢᠭᠡᠳᠬᠡᠭᠰᠡᠨ ᠪᠠᠭᠰᠢ ᠶᠢᠨ ᠬᠠᠮᠢᠶᠠᠷᠤᠯᠲᠠ ᠶᠢᠨ ᠪᠠᠢᠭᠤᠯᠤᠯ ᠢ ᠪᠦᠬᠦ ᠲᠠᠯ᠎ᠠ ᠪᠠᠷ ᠨᠠᠢᠳᠠᠪᠤᠷᠢᠵᠢᠭᠤᠯᠵᠤ ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠣᠷᠣᠨ ᠲᠣᠭ᠎ᠠ ᠶᠢᠨ ᠬᠠᠮᠢᠶᠠᠷᠤᠯᠲᠠ ᠪᠠ ᠠᠯᠪᠠᠨ ᠵᠢᠷᠤᠮ ᠤᠨ ᠰᠤᠷᠭᠠᠨ ᠬᠦᠮᠦᠵᠢᠯ ᠦᠨ ᠱᠠᠲᠤᠨ ᠤ ᠪᠠᠭᠰᠢ ᠶᠢᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠵᠤ ᠂ ᠳᠤᠮᠳᠠᠳᠤ ᠪᠠᠭ᠎ᠠ ᠰᠤᠷᠭᠠᠭᠤᠯᠢ ᠂ ᠬᠡᠥᠬᠡᠳ ᠦᠨ ᠴᠡᠴᠡᠷᠯᠢᠭ ᠦᠨ ᠪᠠᠭᠰᠢ ᠶᠢᠨ ᠮᠡᠷᠭᠡᠵᠢᠯ ᠦᠨ ᠴᠣᠯᠠ ᠪᠠ ᠰᠢᠯᠭᠠᠨ ᠦᠨᠡᠯᠡᠬᠦ ᠳᠥᠷᠢᠮ ᠦᠨ ᠥᠭᠡᠷᠡᠴᠢᠯᠡᠯᠲᠡ ᠶᠢ ᠭᠦᠨᠵᠡᠭᠡᠢᠷᠡᠭᠦᠯᠵᠦ ᠂ ᠬᠥᠳᠡᠭᠡ ᠲᠤᠰᠬᠤᠨ ᠤ ᠪᠠᠭᠰᠢ ᠶᠢᠨ ᠣᠯᠭᠣᠮᠵᠢ ᠶᠢᠨ ᠪᠠᠲᠤᠯᠠᠭ᠎ᠠ ᠶᠢᠨ ᠰᠢᠰᠲ᠋ᠧᠮ ᠢ ᠪᠠᠢᠭᠤᠯᠬᠤ ᠪᠠᠷ ᠲᠠᠮᠵᠢᠨ ᠂ ᠠᠷᠠᠳ ᠡᠴᠠ ᠡᠷᠬᠢᠯᠡᠭᠰᠡᠨ ᠰᠤᠷᠭᠠᠭᠤᠯᠢ ᠶᠢᠨ ᠪᠠᠭᠰᠢ ᠶᠢᠨ ᠡᠷᠬᠡ ᠠᠰᠢᠭ ᠢ ᠬᠠᠮᠠᠭᠠᠯᠠᠬᠤ ᠵᠡᠷᠭᠡ ᠠᠷᠭ᠎ᠠ ᠪᠠᠷ ᠪᠠᠭᠰᠢ ᠶᠢᠨ ᠨᠡᠢᠭᠡᠮ ᠦᠨ ᠪᠠᠢᠷᠢ ᠰᠠᠭᠤᠷᠢ ᠶᠢ ᠲᠡᠭᠡᠭᠰᠢᠯᠡᠭᠦᠯᠦᠨ᠎ᠡ ᠭᠡᠵᠦ ᠳᠤᠷᠠᠳᠤᠨ ᠭᠠᠷᠭᠠᠵᠠᠢ ᠃
   ᠢᠷᠡᠯᠳᠡ᠄ᠦᠪᠦᠷ ᠮᠣᠩᠭᠣᠯ ᠤᠨ ᠭᠢᠶᠠᠨ ᠰᠦᠯᠵᠢᠶ᠎ᠡ《 ᠠᠷᠠᠳ ᠤᠨ ᠡᠳᠦᠷ ᠦᠨ ᠰᠣᠨᠢᠨ ᠮᠠᠳᠡᠭᠡ ᠶᠢᠨ ᠰᠦᠯᠵᠢᠶ᠎ᠠ 》ᠡᠴᠡ ᠰᠢᠯᠵᠢᠬᠦᠯᠤᠨ ᠪᠠᠭᠤᠯᠭᠠᠪᠠ᠃

内蒙古将各方面提高教师待遇

内蒙古自治区日前出台《关于全面深化新时代教师队伍建设改革的实施意见》(简称《实施意见》)。
  《实施意见》要求大力振兴教师教育,全面提升教师队伍专业素质能力,包括加大师范院校和师范教育支持力度,加强教师培训体系建设,建设高素质专业化中小学教师队伍等内容。同时,《实施意见》提出全面落实事权人权财权相统一的教师管理体制,优化中小学教师编制管理和义务教育阶段教师资源配置,深化中小学、幼儿园教师职称和考核评价制度改革,通过建立乡村教师待遇保障机制、维护民办学校教师权益等来提升教师社会地位。
   来源:内蒙古启言网摘自《人民日报》

Posted in ᠰᠤᠷᠭᠠᠨ ᠬᠦᠮᠦᠵᠢᠯ ᠪᠤᠯᠪᠠᠰᠤᠷᠠᠯ|教育培训.