ᠦᠪᠦᠷ ᠮᠤᠩᠭ᠋ᠤᠯ ᠤᠷᠢᠵᠦ ᠬᠡᠷᠡᠭᠯᠡᠬᠦ ᠠᠯᠪᠠᠨ ᠬᠠᠭᠠᠭᠴᠢ ᠡᠯᠰᠡᠬᠦ ᠪᠡᠷ ᠪᠠᠶᠢᠨ᠎ᠠ内蒙古公开招聘聘任制公务员

ᠦᠪᠦᠷ ᠮᠤᠩᠭ᠋ᠤᠯ ᠤᠷᠢᠵᠦ ᠬᠡᠷᠡᠭᠯᠡᠬᠦ ᠠᠯᠪᠠᠨ ᠬᠠᠭᠠᠭᠴᠢ ᠡᠯᠰᠡᠬᠦ ᠪᠡᠷ ᠪᠠᠶᠢᠨ᠎ᠠ

ᠵᠢᠯ ᠤᠨ ᠴᠠᠯᠢᠩ ᠨᠢ ᠬᠠᠮᠤᠭ ᠤᠨ ᠦᠨᠳᠤᠷ ᠲᠤ ᠪᠠᠨ 20 ᠲᠦᠮᠡᠨ ᠲᠦᠬᠦᠷᠢᠭ᠌᠌᠂ 6 ᠰᠠᠷ ᠠ ᠶᠢᠨ ᠲᠤᠷᠰᠢᠨ ᠠᠵᠢᠯᠯᠠᠭᠤᠯᠬᠤ ᠬᠤᠭᠤᠴᠠᠭ᠎ᠠ ᠲᠠᠢ᠂ ᠡᠩ ᠤᠨ ᠶᠡᠬᠡ ᠲᠡᠭᠡᠳᠤ ᠰᠤᠷᠭᠠᠭᠤᠯᠢ ᠶᠢᠨ ᠪᠦᠬᠦᠯᠢ ᠡᠳᠤᠷ ᠤᠨ ᠰᠤᠷᠭᠠᠭᠤᠯᠢ ᠶᠢᠨ ᠲᠦᠷᠢᠮ ᠤᠨ ᠮᠠᠬᠢᠰᠲ᠋ᠷ ᠡᠴᠡ ᠲᠡᠭᠡᠭ᠍ᠰᠢᠬᠢ ᠰᠤᠷᠤᠯᠭ᠎ᠠ ᠶᠢᠨ ᠨᠠᠮᠳᠠᠷ ᠲᠠᠢ ᠁ ᠁ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠡᠴᠡ ᠨᠡᠶᠢᠳᠡᠯᠡᠭᠰᠡᠡ ᠰᠢᠭᠤᠳ ᠬᠠᠷᠢᠶ᠎ᠠ ᠠᠯᠪᠠᠨ ᠪᠠᠶᠢᠭᠤᠯᠤᠯᠭ᠎ᠠ ᠶᠢᠨ 2018 ᠤᠨ ᠤ ᠤᠷᠢᠵᠦ ᠭᠡᠷᠡᠭᠯᠡᠬᠦ ᠠᠯᠪᠠᠨ ᠬᠠᠭᠠᠭᠴᠢ ᠡᠯᠰᠡᠬᠦ ᠲᠦᠯᠦᠪᠯᠡᠬᠡ ᠳᠤ 12 ᠠᠯᠪᠠᠨ ᠬᠠᠭᠠᠭᠴᠢ ᠡᠯᠰᠡᠬᠦ ᠪᠡᠷ ᠪᠠᠶᠢᠨ᠎ᠠ᠃

ᠤᠷᠢᠵᠦ ᠭᠡᠷᠡᠭᠯᠡᠬᠦ ᠠᠯᠪᠠᠨ ᠬᠠᠭᠠᠭᠴᠢ ᠪᠤᠯ ᠠᠯᠪᠠᠨ ᠪᠠᠶᠢᠭᠤᠯᠤᠯᠭ᠎ᠠ ᠶᠢᠨ ᠲᠤᠭᠳᠠᠭᠰᠠᠨ ᠲᠤᠭ᠎ᠠ ᠨᠤᠷᠮ᠎ᠠ ᠶᠢᠨ ᠲᠤᠳᠤᠷ᠎ᠠ ᠪᠤᠯᠤᠨ ᠴᠠᠯᠢᠩ ᠤᠨ ᠬᠢᠵᠠᠭᠠᠷᠲᠠᠢ ᠵᠠᠷᠤᠳᠠᠯ ᠤᠨ ᠲᠤᠳᠤᠷ᠎ᠠ᠂ ᠲᠦᠪ ᠬᠤᠷᠢᠶ᠎ᠠ ᠪᠤᠯᠤᠨ ᠮᠤᠵᠢ ᠶᠢᠨ ᠵᠡᠷᠬᠡᠯᠡᠯ ᠤᠨ ᠠᠯᠪᠠᠨ ᠬᠠᠭᠠᠭᠴᠢ ᠶᠢᠨ ᠭᠤᠤᠯ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠵᠦᠪᠰᠢᠶᠡᠷᠡᠯ ᠲᠠᠢ ᠪᠡᠷ ᠬᠡᠷ᠎ᠡ ᠶᠢᠨ ᠬᠡᠯᠪᠡᠷᠢ ᠪᠡᠷ ᠲᠤᠮᠢᠯᠠᠭᠰᠠᠨ ᠬᠠᠤᠯᠢ ᠶᠤᠰᠤᠭᠠᠷ ᠠᠯᠪᠠᠨ ᠡᠬᠦᠷᠬᠡ ᠪᠡᠶᠡᠯᠡᠬᠦᠯᠵᠤ ᠤᠯᠤᠰ ᠤᠨ ᠡᠳ᠋ ᠤᠨ ᠵᠠᠰᠠᠭ ᠡᠴᠡ ᠴᠠᠯᠢᠩ ᠢ ᠨᠢ ᠲᠠᠭᠠᠭᠠᠬᠤ ᠠᠵᠢᠯᠳᠠᠨ ᠢ ᠬᠡᠯᠡᠨ᠎ᠡ᠃

ᠲᠤᠰ ᠤᠳᠠᠭ᠎ᠠ ᠡᠯᠰᠡᠬᠦ ᠠᠯᠪᠠᠨ ᠪᠠᠶᠢᠭᠤᠯᠤᠯᠭ᠎ᠠ ᠨᠢ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠲᠤᠳᠤᠭᠠᠳᠤ ᠶᠢ ᠬᠠᠮᠠᠭᠠᠯᠠᠬᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠤᠷᠤᠨ ᠰᠠᠭᠤᠴᠠ ᠪᠦᠳᠦᠭᠡᠨ ᠪᠠᠶᠢᠭᠤᠯᠤᠯᠳᠠ ᠶᠢᠨ ᠲᠢᠩᠬᠢᠮ᠂ ᠬᠢᠨᠠᠨ ᠪᠤᠳᠤᠬᠤ ᠲᠢᠩᠬᠢᠮ᠂ ᠪᠠᠶᠢᠭᠠᠯᠢ ᠤᠷᠴᠢᠨ ᠤ ᠲᠢᠩᠬᠢᠮ ᠵᠡᠷᠬᠡ ᠪᠤᠯᠤᠨ᠎ᠠ᠂ ᠨᠡᠷ᠎ᠡ ᠪᠦᠷᠢᠳᠬᠡᠬᠦᠯᠬᠦ ᠳᠤ ᠨᠧᠲ ᠢᠶᠡᠷ ᠲᠠᠮᠵᠢᠨ ᠪᠦᠷᠢᠳᠬᠡᠬᠦᠯᠵᠤ᠂ ᠨᠠᠰᠤᠨ ᠤ ᠬᠢᠵᠠᠭᠠᠷᠯᠠᠯ ᠨᠢ 45 ᠨᠠᠰᠤᠨ ᠡᠴᠡ ᠲᠤᠷᠤᠭᠰᠢ᠃ ᠡᠬᠦᠨ ᠳᠤ ᠤᠳᠤ ᠠᠵᠢᠯᠯᠠᠵᠤ ᠪᠠᠶᠢᠭ᠎ᠠ ᠠᠯᠪᠠᠨ ᠬᠠᠭᠠᠭᠴᠢ ᠪᠤᠯᠤᠨ ᠠᠯᠪᠠᠨ ᠬᠠᠭᠠᠭᠴᠢ ᠶᠢᠨ ᠬᠠᠷᠠᠭᠠᠯᠵᠠᠯᠠᠯ ᠲᠠᠢ ᠪᠠᠶᠢᠭᠤᠯᠤᠯᠭ᠎ᠠ ᠶᠢᠨ ᠠᠵᠢᠯᠳᠠᠨ ᠪᠤᠯᠤᠨ ᠲᠤᠷᠰᠢᠨ ᠠᠵᠢᠯᠯᠠᠵᠤ ᠪᠠᠶᠢᠭ᠎ᠠ ᠬᠤᠭᠤᠴᠠᠭᠠᠨ ᠳ᠋ᠡᠬᠢ ᠠᠵᠢᠯ ᠦᠢᠯᠡᠰ ᠤᠨ ᠨᠢᠬᠡᠴᠡ ᠶᠢᠨ ᠠᠵᠢᠯᠳᠠᠨ ᠨᠡᠷ᠎ᠡ ᠪᠦᠷᠢᠳᠬᠡᠬᠦᠯᠵᠤ ᠪᠤᠯᠬᠤ ᠦᠭᠡᠢ᠃

ᠤᠶᠢᠯᠠᠭᠠᠭᠰᠠᠨ ᠢᠶᠡᠷ᠂ ᠺᠠᠳ᠋ᠷ ᠠᠵᠢᠯᠳᠠᠨ ᠤ ᠲᠦᠷᠢᠮ ᠤᠨ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠶᠢᠨ ᠲᠦᠯᠦᠬᠡ᠂ ᠦᠪᠦᠷ ᠮᠤᠩᠭ᠋ᠤᠯ 2015 ᠤᠨ ᠡᠴᠡ ᠡᠬᠢᠯᠡᠨ ᠤᠷᠢᠵᠦ ᠭᠡᠷᠡᠭᠯᠡᠬᠦ ᠠᠯᠪᠠᠨ ᠬᠠᠭᠠᠭᠴᠢ ᠡᠯᠰᠡᠬᠦ ᠠᠵᠢᠯ ᠢ ᠡᠬᠢᠯᠡᠬᠦᠯᠦᠨ᠂ ᠪᠤᠯᠪᠠᠰᠤᠨ ᠬᠦᠴᠦ ᠶᠢ ᠰᠢᠯᠢᠵᠤ ᠰᠤᠩᠭ᠋ᠤᠬᠤ ᠬᠡᠪᠴᠢᠶ᠎ᠡ ᠪᠡᠨ ᠤᠯᠠᠮ ᠢᠶᠡᠷ ᠦᠷᠬᠡᠳᠬᠡᠵᠤ᠂ ᠠᠯᠪᠠᠨ ᠪᠠᠶᠢᠭᠤᠯᠤᠯᠭ᠎ᠠ ᠶᠢᠨ ᠲᠡᠭᠡᠳᠤ ᠲᠦᠪᠰᠢᠨ ᠤ ᠲᠤᠰᠬᠠᠢ ᠮᠡᠷᠬᠡᠵᠢᠯ ᠤᠨ ᠴᠢᠳᠠᠪᠤᠷᠢᠳᠠᠨ ᠤ ᠱᠠᠭᠠᠷᠳᠠᠯᠭ᠎ᠠ ᠶᠢ ᠬᠠᠩᠭ᠋ᠠᠵᠤ ᠪᠤᠢ᠃

ᠢᠷᠡᠯᠳᠡ᠄ ᠰᠢᠨᠬᠤᠸᠠ ᠨᠧᠲ

内蒙古公开招聘聘任制公务员

最高年薪20万元、试用期6个月、学历要求为普通高校全日制研究生及以上……内蒙古自治区政府公布直属机关2018年公开招聘聘任制公务员计划,拟招聘12名聘任制公务员。

所谓聘任制公务员,是指机关在规定的编制限额和工资经费限额内,经中央或者省级公务员主管部门批准,以合同形式聘任、依法履行公职、由国家财政负担工资福利的工作人员。

本次公开招聘机关为内蒙古自治区公安厅、商务厅、住建厅、审计厅、生态环境厅,报名采取个人自愿、网上填报的方式进行,报考人员年龄需在45周岁以下,在职公务员和参公单位工作人员和试用期内的事业单位工作人员不得报考。

据了解,为深化干部人事制度改革,内蒙古于2015年启动招聘聘任制公务员工作,进一步拓宽选人用人渠道,以满足机关对高层次专业技术人才的需求。

Posted in ᠲᠠᠨ ᠤ ᠠᠩᠬᠠᠷᠤᠯ ᠳ᠋ᠤ|热点信息.