《ᠲᠤᠭᠤᠷᠢᠭ ᠤᠨ ᠴᠠᠭᠳᠠᠭ᠎ᠠ ᠪᠤᠶᠠᠨ》ᠭᠡᠭᠦ ᠺᠢᠨᠤ᠋ ᠦᠵᠡᠭᠴᠢᠳ ··· 电影《片警宝音》将首映

《ᠲᠤᠭᠤᠷᠢᠭ ᠤᠨ ᠴᠠᠭᠳᠠᠭ᠎ᠠ ᠪᠤᠶᠠᠨ》ᠭᠡᠭᠦ ᠺᠢᠨᠤ᠋ ᠠᠷᠠᠳ ᠤᠨ ᠶᠠᠬᠡ ᠬᠤᠷᠠᠯ ᠤᠨ ᠲᠠᠩᠬᠢᠮ ᠳ᠋ᠤ ᠦᠵᠡᠭᠴᠢᠳ ᠲᠡᠢ ᠨᠢᠭᠤᠷ ᠵᠤᠯᠭᠠᠬᠤ ᠪᠠᠷ ᠪᠠᠢᠨ᠎ᠠ

《ᠲᠤᠭᠤᠷᠢᠭ ᠤᠨ ᠴᠠᠭᠳᠠᠭ᠎ᠠ ᠪᠤᠶᠠᠨ》ᠭᠡᠭᠦ ᠺᠢᠨᠤ᠋ ᠵᠢᠨ ᠤᠭ ᠳᠦᠷᠢ ᠪᠤᠯ ᠪᠠᠶᠠᠨᠨᠠᠭᠤᠷ ᠬᠤᠳᠠ ᠵᠢᠨ ᠤᠷᠠᠳ ᠤᠨ ᠬᠤᠢᠳᠤ ᠬᠤᠰᠢᠭᠤᠨ ᠤ ᠲᠤᠳᠤᠭᠠᠳᠤ ᠵᠢ ᠬᠠᠮᠠᠭᠠᠯᠠᠬᠤ ᠲᠤᠪᠴᠢᠶᠠᠨ ᠤ ᠴᠤᠭᠦ᠌ᠨᠳᠤᠷ ᠪᠠᠯᠭᠠᠰᠤᠨ ᠳ᠋ᠥ ᠬᠢ ᠲᠤᠮᠢᠯᠠᠭᠰᠠᠨ ᠰᠠᠯᠪᠤᠷᠢ ᠵᠢᠨ ᠲᠡᠳ᠋ ᠲᠠᠷᠤᠭ᠎ᠠ ᠪᠤᠶᠠᠨᠳᠡᠯᠭᠡᠷ ᠪᠤᠯᠤᠨ᠎ᠠ᠃ ᠲᠡᠷᠡ ᠴᠠᠭᠳᠠᠭ᠎ᠠ ᠪᠤᠯᠤᠭᠰᠠᠨ 21 ᠵᠢᠯ ᠤᠨ ᠲᠤᠷᠰᠢ᠂ 1672 ᠲᠡᠭᠰᠢ ᠲᠦᠷᠪᠡᠯᠵᠢᠨ ᠺᠢᠯᠤᠮᠧᠲ᠋ᠷ ᠨᠤᠳᠤᠭ ᠲᠡᠪᠢᠰᠭᠡᠷ ᠲᠡᠭᠡᠷ᠎ᠡ ᠪᠠᠢᠭ᠎ᠠ 900 ᠭᠠᠷᠤᠢ ᠰᠠᠭᠤᠭᠠᠯᠢ ᠠᠷᠠᠳ ᠤᠨ ᠠᠮᠢ ᠨᠠᠰᠤ ᠡᠳ᠋ ᠬᠦᠷᠦᠩᠬᠡ ᠵᠢᠨ ᠠᠮᠤᠷ ᠲᠦᠪᠰᠢᠨ ᠢ ᠬᠠᠮᠠᠭᠠᠯᠠᠨ᠂ ᠬᠠᠮᠢᠶᠠᠷᠤᠯᠳᠠ ᠵᠢᠨ ᠲᠤᠭᠤᠷᠢᠭ ᠲᠤ ᠨᠢ ᠶᠡᠷᠤ ᠡᠴᠠ ᠬᠠᠤᠯᠢ ᠴᠠᠭᠠᠵᠠ ᠡᠴᠠ ᠵᠦᠷᠢᠴᠡᠭᠰᠠᠨ ᠬᠡᠷᠡᠭ ᠤᠴᠢᠷ ᠭᠠᠷᠤᠭᠰᠠᠨ ᠦᠭᠡᠢ᠃ ᠡᠨᠡᠬᠦ《ᠪᠦᠬᠦ ᠤᠯᠤᠰ ᠤᠨ ᠳᠤᠳᠤᠭᠠᠳᠤ ᠵᠢ ᠬᠠᠮᠠᠭᠠᠯᠠᠬᠤ ᠰᠢᠰᠲ᠋ᠧᠮ ᠤᠨ ᠨᠢᠭᠡᠳᠦᠭᠡᠷ ᠲᠡᠰ ᠦᠨ ᠪᠠᠭᠠᠳᠤᠷ ᠵᠢᠱᠢᠶᠠᠴᠢ》ᠵᠢᠨ ᠲᠡᠷᠢᠭᠦᠨ ᠦ ᠤᠢᠯᠡ ᠠᠵᠢᠯᠯᠠᠭ᠎ᠠ ᠵᠢ ᠦᠷᠭᠡᠨ ᠵᠶᠠᠷ ᠤᠬᠠᠭᠤᠯᠵᠤ᠂ ᠵᠦᠪ ᠡᠨᠧᠷᠬᠢ ᠵᠢ ᠨᠡᠢᠭᠡᠮ ᠨᠠᠢᠳᠠ ᠳ᠋ᠤ ᠲᠠᠮᠵᠢᠭᠤᠯᠬᠤ ᠵᠢᠨ ᠳᠦᠯᠦᠭᠡ᠂ ᠦᠪᠦᠷ ᠮᠤᠩᠭᠤᠯ ᠤᠨ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠦᠪᠦᠷ ᠮᠤᠩᠭᠤᠯ ᠤᠨ ᠳᠤᠳᠤᠭᠠᠳᠤ ᠵᠢ ᠬᠠᠮᠠᠭᠠᠯᠠᠬᠤ ᠲᠢᠩᠭᠢᠮ᠂ ᠪᠠᠶᠠᠨᠨᠠᠭᠤᠷ ᠬᠤᠳᠠ ᠵᠢᠨ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠪᠠᠶᠠᠨᠨᠠᠭᠤᠷ ᠬᠤᠳᠠ ᠵᠢᠨ ᠳᠤᠳᠤᠭᠠᠳᠤ ᠵᠢ ᠬᠠᠮᠠᠭᠠᠯᠠᠬᠤ ᠳᠤᠪᠴᠢᠶ᠎ᠠ᠂ ᠤᠷᠠᠳ ᠤᠨ ᠬᠤᠢᠳᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠬᠠᠮᠳᠤᠷᠠᠨ ᠰᠠᠨᠠᠭᠠᠴᠢᠯᠠᠵᠤ᠂ ᠬᠦᠬᠡ ᠨᠤᠳᠤᠭ ᠺᠢᠨᠦ ᠵᠢᠨ ᠦᠢᠯᠡᠰ ᠦᠨ ᠬᠢᠵᠠᠭᠠᠷᠳᠤ ᠺᠤᠮᠫᠠᠨᠢ ᠪᠤᠯᠤᠨ ᠦᠪᠤᠷ ᠮᠤᠩᠭᠤᠯ ᠤᠨ ᠺᠢᠨᠦ ᠪᠦᠯᠦᠭᠯᠡᠯ ᠦᠨ ᠭᠢᠨ ᠬᠠᠮᠳᠤᠷᠠᠨ ᠡᠨᠡᠬᠦ《ᠲᠤᠭᠤᠷᠢᠭ ᠤᠨ ᠴᠠᠭᠳᠠᠭ᠎ᠠ ᠪᠤᠶᠠᠨ》ᠭᠡᠭᠦ ᠺᠢᠨᠤ᠋ ᠵᠢ ᠰᠡᠭᠦᠳᠡᠷᠯᠡᠵᠤ ᠦᠢᠯᠡᠳᠦᠭᠰᠠᠨ ᠪᠠᠢᠨ᠎ᠠ᠃
  ᠤᠢᠯᠠᠭᠠᠭᠰᠠᠨ ᠵᠶᠠᠷ᠂ 12 ᠰᠠᠷ᠎ᠠ ᠵᠢᠨ 18 ᠤ ᠡᠳᠦᠷ᠂ ᠠᠷᠠᠳ ᠤᠨ ᠶᠠᠬᠡ ᠬᠤᠷᠠᠯ ᠤᠨ ᠲᠠᠩᠬᠢᠮ ᠳ᠋ᠤ ᠪᠦᠬᠦ ᠤᠯᠤᠰ ᠲᠤ ᠠᠩᠬ᠎ᠠ ᠲᠠᠷᠬᠠᠭᠠᠬᠤ ᠶᠤᠰᠤᠯᠠᠯ ᠶᠠᠪᠤᠭᠳᠠᠭᠤᠯᠬᠤ ᠪᠠᠷ ᠪᠠᠢᠨ᠎ᠠ᠃
   ᠢᠷᠡᠯᠳᠡ᠄ᠦᠪᠦᠷ ᠮᠣᠩᠭᠣᠯ ᠤᠨ ᠭᠢᠶᠠᠨ ᠰᠦᠯᠵᠢᠶ᠎ᠡ《CCTV ᠮᠤᠩᠭᠤᠯ ᠬᠡᠯᠡᠡ ᠶᠢᠨ ᠰᠤᠨᠢᠠ ᠮᠠᠳᠡᠭᠡ ᠶᠢᠨ ᠰᠦᠯᠵᠢᠶ᠎ᠠ 》ᠡᠴᠡ ᠰᠢᠯᠵᠢᠬᠦᠯᠤᠨ ᠪᠠᠭᠤᠯᠭᠠᠪᠠ᠃

 

电影《片警宝音》将在人民大会堂首映

电影《片警宝音》以内蒙古巴彦淖尔市乌拉特后旗潮格温都尔镇派出所副所长宝音德力格尔为原型,采用纪实手法讲述了基层民警宝音的故事。宝音从警20多年来,默默守护着居住在辖区1672平方公里内的900多户居民。除了每天处理各种鸡毛蒜皮的民事纠纷外,还义务承担了戈壁邮递员的角色。他的生活看起来机械而又艰辛,却肩负着维护边疆稳定的重任。影片以宝音忠诚履行警察誓言为主线,生动诠释了新时代人民警察的核心价值追求和崇高的精神特质。
  据悉,电影《片警宝音》,将于12月18日在人民大会堂举行全国首映仪式。
  来源:内蒙古启言网摘自《CCTV央视网》

Posted in ᠰᠤᠶᠤᠯ ᠤᠷᠠᠯᠢᠭ |文化信息 and tagged .