ᠤᠯᠤᠰ ᠤᠨ ᠲᠡᠰ ᠦᠨ ᠰᠤᠶᠤᠯ ᠤᠨ ᠠᠮᠢ ᠠᠬᠤᠢ ᠵᠢᠨ ᠬᠠᠮᠠᠭᠠᠯᠠᠯᠲᠠ ᠵᠢᠨ ··· 国家级文化生态保护区管理办法出台

ᠤᠯᠤᠰ ᠤᠨ ᠲᠡᠰ ᠦᠨ ᠰᠤᠶᠤᠯ ᠤᠨ ᠠᠮᠢ ᠠᠬᠤᠢ ᠵᠢᠨ ᠬᠠᠮᠠᠭᠠᠯᠠᠯᠲᠠ ᠵᠢᠨ ᠤᠷᠤᠨ ᠤ ᠬᠠᠮᠢᠶᠠᠷᠤᠯᠲᠠ ᠵᠢᠨ ᠠᠷᠭ᠎ᠠ ᠨᠡᠢᠲᠡᠯᠡᠭᠳᠡᠪᠡ

ᠰᠤᠶᠤᠯ ᠵᠢᠭᠤᠯᠴᠢᠯᠠᠯ ᠤᠨ ᠶᠠᠮᠤᠨ ᠤᠢᠷ᠎ᠠ ᠳ᠋ᠥ 《ᠤᠯᠤᠰ ᠤᠨ ᠲᠡᠰ ᠦᠨ ᠰᠤᠶᠤᠯ ᠤᠨ ᠠᠮᠢ ᠠᠬᠤᠢ ᠵᠢᠨ ᠬᠠᠮᠠᠭᠠᠯᠠᠯᠲᠠ ᠵᠢᠨ ᠤᠷᠤᠨ  ᠤ ᠬᠠᠮᠢᠶᠠᠷᠤᠯᠲᠠ ᠵᠢᠨ ᠠᠷᠭ᠎ᠠ 》 (ᠲᠤᠷᠤᠭᠰᠢ 《ᠠᠷᠭ᠎ᠠ 》 ᠭᠡᠵᠤ ᠲᠤᠪᠴᠢᠯᠠᠨ᠎ᠠ ) ᠵᠢ ᠨᠡᠢᠲᠡᠯᠡᠵᠤ ᠂ 2019 ᠤᠨ ᠤ 3 ᠰᠠᠷ᠎ᠠ ᠵᠢᠨ 1 ᠤ ᠡᠳᠤᠷ ᠡᠴᠠ ᠵᠢᠩᠬᠢᠨᠢ  ᠪᠡᠷ ᠬᠡᠷᠡᠭᠵᠢᠬᠦᠯᠬᠦ  ᠪᠡᠷ ᠪᠠᠢᠨ᠎ᠠ ᠃

《ᠠᠷᠭ᠎ᠠ 》 ᠳ᠋ᠥ ᠤᠯᠤᠰ ᠤᠨ ᠲᠡᠰ  ᠤᠨ ᠰᠤᠶᠤᠯ  ᠤᠨ ᠠᠮᠢ ᠠᠬᠤᠢ ᠵᠢᠨ ᠬᠠᠮᠠᠭᠠᠯᠠᠯᠲᠠ ᠵᠢᠨ ᠤᠷᠤᠨ  ᠤ ᠭᠤᠶᠤᠴᠢᠯᠠᠵᠤ ᠪᠠᠢᠭᠤᠯᠬᠤ ᠨᠦᠬᠦᠴᠡᠯ ᠪᠠ ᠵᠢᠷᠤᠮ ᠢ ᠲᠤᠳᠤᠷᠬᠠᠢ ᠲᠤᠭᠲᠠᠭᠠᠵᠤ ᠂ ᠤᠯᠤᠰ ᠤᠨ ᠲᠡᠰ ᠦᠨ ᠰᠤᠶᠤᠯ  ᠤᠨ ᠠᠮᠢ ᠠᠬᠤᠢ ᠵᠢᠨ ᠬᠠᠮᠠᠭᠠᠯᠠᠯᠲᠠ ᠵᠢᠨ ᠤᠷᠤᠨ ᠪᠤᠯᠬᠤ ᠪᠠᠷ ᠭᠤᠶᠤᠴᠢᠯᠠᠬᠤ ᠳ᠋ᠥ ᠰᠠᠢᠨ ᠰᠠᠢᠬᠠᠨ ᠰᠤᠶᠤᠯ ᠤᠨ ᠠᠮᠢ ᠠᠬᠤᠢ ᠵᠢᠨ ᠤᠷᠤᠨ ᠪᠦᠰᠡ ᠵᠢᠨ ᠴᠢᠨᠠᠷᠲᠠᠢ ᠪᠦᠬᠦᠯᠢ ᠴᠤᠭᠴᠠ ᠵᠢᠨ ᠬᠠᠮᠠᠭᠠᠯᠠᠯᠲᠠ ᠵᠢᠨ ᠠᠵᠢᠯ ᠤᠨ ᠰᠠᠭᠤᠷᠢ  ᠲᠠᠢ ᠪᠠᠢᠬᠤ ᠬᠡᠷᠡᠭᠲᠠᠢ ᠂ ᠲᠤᠰ ᠮᠤᠵᠢ (ᠤᠷᠤᠨ ᠂ ᠬᠤᠲᠠ ) ᠵᠢᠨ ᠲᠤᠳᠤᠷ᠎ᠠ ᠪᠠᠨ ᠨᠢᠭᠡᠨᠲᠡ ᠰᠤᠶᠤᠯ ᠤᠨ ᠠᠮᠢ ᠠᠬᠤᠢ ᠵᠢᠨ ᠤᠷᠤᠨ ᠪᠦᠰᠡ ᠵᠢᠨ ᠴᠢᠨᠠᠷᠲᠠᠢ ᠪᠦᠬᠦᠯᠢ ᠴᠤᠭᠴᠠ ᠵᠢᠨ ᠬᠠᠮᠠᠭᠠᠯᠠᠯᠲᠠ ᠵᠢ ᠬᠤᠶᠠᠷ ᠵᠢᠯ ᠡᠴᠠ ᠲᠡᠭᠡᠭᠰᠢ ᠬᠡᠷᠡᠭᠵᠢᠬᠦᠯᠦᠭᠡᠳ ᠮᠡᠳᠡᠭᠳᠡᠮ᠎ᠡ ᠦᠷ᠎ᠡ ᠪᠦᠲᠦᠮᠵᠢ ᠤᠯᠤᠭᠰᠠᠨ ︔ ᠤᠯᠤᠰ ᠤᠨ ᠲᠡᠰ  ᠤᠨ ᠰᠤᠶᠤᠯ  ᠤᠨ ᠠᠮᠢ ᠠᠬᠤᠢ ᠵᠢᠨ ᠬᠠᠮᠠᠭᠠᠯᠠᠯᠲᠠ ᠵᠢᠨ ᠤᠷᠤᠨ  ᠢ ᠪᠠᠢᠭᠤᠯᠤᠭᠰᠠᠨ ᠤ ᠲᠠᠷᠠᠭ᠎ᠠ ᠂ ᠶᠡᠷᠦᠩᠭᠡᠢ ᠲᠦᠯᠦᠪᠵᠢᠬᠦᠯᠭᠡ ᠵᠢ ᠮᠤᠵᠢ ᠵᠢᠨ ᠱᠠᠳᠤᠨ ᠤ ᠰᠤᠶᠤᠯ  ᠤᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠡᠴᠠ ᠬᠢᠨᠠᠨ ᠬᠠᠷᠭᠤᠭᠤᠯᠬᠤ ᠪᠤᠯᠭᠠᠨ ᠦᠭᠡᠷᠡᠴᠢᠯᠡᠨ᠎ᠡ ︔ ᠶᠡᠷᠦᠩᠭᠡᠢ ᠲᠦᠯᠦᠪᠵᠢᠬᠦᠯᠭᠡ ᠵᠢ 3 ᠵᠢᠯ ᠬᠡᠷᠡᠭᠵᠢᠬᠦᠯᠦᠭᠰᠡᠨ ᠦ ᠲᠠᠷᠠᠭ᠎ᠠ ᠮᠤᠵᠢ ᠵᠢᠨ ᠱᠠᠳᠤᠨ ᠤ ᠰᠤᠶᠤᠯ ᠤᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠡᠴᠠ ᠰᠤᠶᠤᠯ ᠵᠢᠭᠤᠯᠴᠢᠯᠠᠯ ᠤᠨ ᠶᠠᠮᠤᠨ ᠳ᠋ᠥ ᠵᠤᠬᠢᠶᠠᠨ ᠪᠠᠢᠭᠤᠯᠤᠨ ᠰᠢᠯᠭᠠᠨ ᠠᠪᠬᠤ ᠭᠤᠶᠤᠴᠢᠯᠠᠯ ᠲᠡᠪᠰᠢᠬᠦᠯᠵᠤ ᠪᠤᠯᠤᠨ᠎ᠠ ᠂ ᠰᠢᠯᠭᠠᠨ ᠠᠪᠤᠭᠠᠳ ᠬᠢᠷᠢ ᠲᠡᠩᠴᠡᠭᠰᠡᠨ ᠪᠠᠢᠪᠠᠯ ᠂ ᠤᠯᠤᠰ ᠤᠨ ᠲᠡᠰ ᠦᠨ ᠰᠤᠶᠤᠯ ᠤᠨ ᠠᠮᠢ ᠠᠬᠤᠢ ᠵᠢᠨ ᠬᠠᠮᠠᠭᠠᠯᠠᠯᠲᠠ ᠵᠢᠨ ᠤᠷᠤᠨ ᠵᠢᠡᠷ ᠠᠯᠪᠠᠨ ᠶᠤᠰᠤ ᠪᠠᠷ ᠨᠡᠢᠲᠡᠯᠡᠬᠦ ᠵᠢᠨ ᠬᠠᠮᠳᠤ ᠫᠠᠢᠰᠠ ᠤᠯᠭᠤᠨ᠎ᠠ ᠭᠡᠵᠤ ᠲᠤᠭᠲᠠᠭᠠᠵᠠᠢ ᠃ ᠡᠬᠦᠨ ᠡᠴᠠ ᠭᠠᠳᠠᠨ᠎ᠠ ᠪᠠᠰᠠ ᠤᠯᠤᠰ ᠤᠨ ᠲᠡᠰ ᠦᠨ ᠰᠤᠶᠤᠯ ᠤᠨ ᠠᠮᠢ ᠠᠬᠤᠢ ᠵᠢᠨ ᠬᠠᠮᠠᠭᠠᠯᠠᠯᠲᠠ ᠵᠢᠨ ᠤᠷᠤᠨ  ᠤ ᠪᠦᠲᠦᠭᠡᠨ ᠪᠠᠢᠭᠤᠯᠤᠯᠲᠠ ᠵᠢᠨ ᠬᠠᠷᠢᠭᠤᠴᠠᠯᠭ᠎ᠠ ᠵᠢᠨ ᠪᠡᠶᠡᠴᠢ ᠴᠤᠭᠴᠠ ᠂ ᠭᠤᠤᠯ ᠡᠬᠦᠷᠭᠡ ᠪᠠ ᠠᠷᠭ᠎ᠠ ᠬᠡᠮᠵᠢᠶ᠎ᠡ ᠵᠢ ᠲᠤᠳᠤᠷᠬᠠᠢ ᠲᠤᠭᠲᠠᠭᠠᠵᠤ ᠂ ᠤᠯᠤᠰ  ᠤᠨ ᠲᠡᠰ ᠦᠨ ᠰᠤᠶᠤᠯ ᠤᠨ ᠠᠮᠢ ᠠᠬᠤᠢ ᠵᠢᠨ ᠬᠠᠮᠠᠭᠠᠯᠠᠯᠲᠠ ᠵᠢᠨ ᠤᠷᠤᠨ  ᠤ ᠪᠦᠲᠦᠭᠡᠨ ᠪᠠᠢᠭᠤᠯᠤᠯᠲᠠ ᠵᠢ ᠬᠠᠮᠢᠶᠠᠷᠬᠤ ᠪᠠᠢᠭᠤᠯᠤᠮᠵᠢ ᠪᠠᠢᠭᠤᠯᠵᠤ ᠂ ᠤᠯᠤᠰ ᠤᠨ ᠲᠡᠰ ᠦᠨ ᠰᠤᠶᠤᠯ ᠤᠨ ᠠᠮᠢ ᠠᠬᠤᠢ ᠵᠢᠨ ᠬᠠᠮᠠᠭᠠᠯᠠᠯᠲᠠ ᠵᠢᠨ ᠤᠷᠤᠨ ᠤ ᠶᠡᠷᠦᠩᠭᠡᠢ ᠲᠦᠯᠦᠪᠵᠢᠬᠦᠯᠭᠡ ᠵᠢ ᠬᠡᠷᠡᠭᠵᠢᠬᠦᠯᠵᠤ ᠪᠠᠢᠭ᠎ᠠ ᠪᠠᠢᠳᠠᠯ ᠪᠠ ᠪᠦᠲᠦᠭᠡᠨ ᠪᠠᠢᠭᠤᠯᠤᠯᠲᠠ ᠵᠢᠨ ᠪᠠᠢᠳᠠᠯ ᠳ᠋ᠥ ᠪᠠᠢᠴᠠᠭᠠᠯᠲᠠ ᠦᠨᠡᠯᠡᠯᠲᠡ ᠬᠢᠬᠦ ᠬᠡᠷᠡᠭᠲᠠᠢ ᠭᠡᠵᠤ ᠱᠠᠭᠠᠷᠳᠠᠵᠠᠢ ᠃

ᠢᠷᠡᠯᠲᠡ ᠄ ᠠᠷᠠᠳ ᠤᠨ ᠰᠦᠯᠵᠢᠶ᠎ᠡ

国家级文化生态保护区管理办法出台

文化和旅游部近日出台《国家级文化生态保护区管理办法》(以下简称《办法》),将于2019年3月1日起正式施行。

  《办法》明确了国家级文化生态保护区申报设立的条件和程序,规定申报国家级文化生态保护区要具备良好的文化生态区域性整体保护工作基础,应当在本省(区、市)内已实行文化生态区域性整体保护两年以上,成效明显;国家级文化生态保护区设立后,总体规划改由省级文化主管部门审核;总体规划实施3年后,省级文化主管部门可向文化和旅游部申请组织验收,验收合格的,正式公布为国家级文化生态保护区并授牌。此外还明确了国家级文化生态保护区建设的责任主体、主要任务和措施,要求成立国家级文化生态保护区建设管理机构,要对国家级文化生态保护区总体规划实施和建设情况进行检查评估。

  

Posted in ᠲᠠᠨ ᠤ ᠠᠩᠬᠠᠷᠤᠯ ᠳ᠋ᠤ|热点信息 and tagged .