ᠲᠠᠯ᠎ᠠ ᠨᠤᠳᠤᠭ ᠤᠨ ᠲᠡᠮᠦᠷ ᠵᠠᠮ ᠰᠢᠨ᠎ᠡ ᠠᠶᠠᠯᠠᠯ ᠤᠨ ᠲᠦᠰᠦᠯ ᠬᠡᠷᠡᠭᠵᠢᠬᠦᠯᠬᠦ ᠪᠡᠷ ᠪᠤᠢ 草原铁路将实施新列车运行图

ᠲᠠᠯ᠎ᠠ ᠨᠤᠳᠤᠭ ᠤᠨ ᠲᠡᠮᠦᠷ ᠵᠠᠮ ᠰᠢᠨ᠎ᠡ ᠠᠶᠠᠯᠠᠯ ᠤᠨ ᠲᠦᠰᠦᠯ ᠬᠡᠷᠡᠭᠵᠢᠬᠦᠯᠬᠦ ᠪᠡᠷ ᠪᠤᠢ

ᠰᠤᠷᠪᠤᠯᠵᠢᠯᠠᠭᠴᠢ ᠲᠤᠮᠳᠠᠳᠤ ᠤᠯᠤᠰ ᠤᠨ ᠲᠡᠮᠦᠷ ᠵᠠᠮ ᠤᠨ ᠬᠦᠬᠡᠬᠤᠳᠠ ᠶᠢᠨ ᠲᠤᠪᠴᠢᠶᠠᠨ ᠤ ᠪᠦᠯᠦᠭᠯᠡᠯ ᠺᠤᠮᠫᠠᠨᠢ ᠡᠴᠡ ᠤᠶᠢᠯᠠᠭᠠᠭᠰᠠᠨ ᠢᠶᠡᠷ᠂ 1 ᠰᠠᠷ᠎ᠠ ᠶᠢᠨ 5 ᠤ ᠡᠳᠤᠷ ᠡᠴᠡ ᠡᠬᠢᠯᠡᠨ ᠤᠯᠤᠰ ᠲᠠᠶᠠᠭᠠᠷ ᠤᠨ ᠲᠡᠮᠦᠷ ᠵᠠᠮ ᠰᠢᠨ᠎ᠡ ᠠᠶᠠᠯᠠᠯ ᠤᠨ ᠲᠦᠰᠦᠯ ᠬᠡᠷᠡᠭᠵᠢᠬᠦᠯᠦᠨ᠎ᠡ᠃

ᠲᠤᠬᠢᠷᠠᠭᠤᠯᠤᠯᠳᠠ ᠬᠢᠭ᠍ᠰᠡᠨ ᠤ ᠲᠠᠷᠠᠭ᠎ᠠ᠂ ᠲᠤᠮᠳᠠᠳᠤ ᠤᠯᠤᠰ ᠤᠨ ᠲᠡᠮᠦᠷ ᠵᠠᠮ ᠤᠨ ᠬᠦᠬᠡᠬᠤᠳᠠ ᠶᠢᠨ ᠲᠤᠪᠴᠢᠶᠠᠨ ᠤ ᠬᠠᠮᠢᠶᠠᠷᠤᠯᠳᠠ ᠶᠢᠨ ᠬᠡᠪᠴᠢᠶᠡᠨ ᠤ ᠬᠤᠷᠳᠤᠨ ᠤ ᠭᠠᠯᠳᠤ ᠶᠢ 38 ᠠᠶᠠᠯᠠᠯ ᠨᠡᠮᠡᠪᠡ᠃ ᠤᠳᠤᠬᠠᠨ ᠳᠤ ᠬᠦᠬᠡᠬᠤᠳᠠ᠂ ᠪᠤᠭᠤᠳᠤ᠂ ᠤᠯᠠᠭᠠᠨᠴᠠᠪ᠂ ᠤᠷᠳᠤᠰ ᠲᠤ ᠦᠷᠯᠦᠬᠡ ᠪᠦᠷᠢ ᠬᠤᠷᠳᠤᠨ ᠤ ᠭᠠᠯᠳᠤ ᠠᠶᠠᠯᠠᠵᠦ᠂ ᠲᠡᠭᠡᠷᠡᠬᠢ ᠲᠦᠷᠪᠡᠨ ᠬᠤᠳᠠ ᠪᠡᠷ ᠠᠶᠠᠯᠠᠬᠤ ᠳᠤ ᠲᠦᠬᠦᠮ ᠦᠵᠡᠬᠦᠯᠬᠦ ᠪᠤᠯᠤᠨ᠎ᠠ᠃ ᠡᠬᠦᠨ ᠡᠴᠡ ᠭᠠᠳᠠᠨ᠎ᠠ᠂ ᠯᠢᠨ ᠾᠧ ᠡᠴᠡ ᠱᠧᠨᠵᠧᠨ᠂ ᠬᠦᠬᠡᠬᠤᠳᠠ ᠡᠴᠡ ᠱᠠᠩᠬᠠᠢ᠂ ᠪᠤᠭᠤᠳᠤ ᠡᠴᠡ ᠬᠠᠩᠵᠧᠤ ᠵᠡᠷᠬᠡ ᠴᠢᠭᠯᠡᠯ ᠤᠨ ᠭᠠᠯᠳᠤ ᠶᠢᠨ ᠠᠶᠠᠯᠠᠯ ᠤᠨ ᠲᠠᠮᠵᠢᠬᠤ ᠦᠷᠳᠡᠬᠡ ᠪᠤᠯᠤᠨ ᠲᠡᠬᠦᠰᠬᠡᠯ ᠤᠨ ᠦᠷᠳᠡᠬᠡ ᠬᠦᠷᠬᠦ ᠴᠠᠭ ᠲᠤ ᠲᠤᠬᠢᠷᠠᠭᠤᠯᠤᠯᠳᠠ ᠬᠢᠭ᠍ᠰᠡᠨ ᠪᠠᠶᠢᠨ᠎ᠠ᠃ ᠦᠪᠦᠷ ᠮᠤᠩᠭ᠋ᠤᠯ ᠤᠨ ᠲᠤᠮᠳᠠ ᠪᠠᠷᠠᠭᠤᠨ ᠪᠦᠰᠡ ᠡᠴᠡ ᠠᠶᠠᠯᠠᠯ ᠡᠬᠢᠯᠡᠵᠤ ᠪᠡᠭᠡᠵᠢᠩ ᠢᠶᠡᠷ ᠲᠠᠮᠵᠢᠵᠤ ᠪᠠᠶᠢᠭ᠎ᠠ ᠭᠠᠯᠳᠤ ᠶᠢ ᠤᠳᠤᠬᠠᠨ ᠤ 12 ᠪᠠᠶᠢᠭᠰᠠᠨ ᠡᠴᠡ ᠨᠢ ᠨᠡᠮᠡᠬᠡᠳ 16 ᠠᠶᠠᠯᠠᠯ ᠪᠤᠯᠭᠠᠵᠠᠢ᠃ ᠨᠠᠷᠢᠨ ᠪᠠᠶᠢᠳᠠᠯ ᠢ 12306 ᠨᠧᠲ᠂ ᠭᠠᠯᠳᠤ ᠲᠡᠷᠬᠡᠨ ᠤ ᠦᠷᠳᠡᠬᠡᠨ ᠤ ᠮᠡᠳᠡᠭᠡᠯᠡᠯ ᠡᠴᠡ ᠤᠶᠢᠯᠠᠭᠠᠵᠤ ᠪᠤᠯᠤᠨ᠎ᠠ᠃

ᠢᠷᠡᠯᠳᠡ᠄ ᠬᠦᠬᠡᠬᠤᠳᠠ ᠶᠢᠨ ᠤᠷᠤᠢ ᠶᠢᠨ ᠰᠤᠨᠢᠨ

草原铁路将实施新列车运行图

记者从中国铁路呼和浩特局集团有限公司了解到,1月5日起,全国铁路将实施新的列车运行图。

调图后,中国铁路呼和浩特局管内动车组列车将增加至38趟,鄂尔多斯开行动车组列车将从3趟增加到4趟,增加的D6966次列车始发时间为早晨8时。目前呼和浩特、包头、乌兰察布、鄂尔多斯均有早晨始发的动车开行,四地旅客出行将进一步便捷。此外,临河至深圳、呼和浩特至上海、包头至杭州等25趟列车的行驶线路到站时刻和经停车站有调整,从内蒙古中西部始发经停北京的列车从目前的12趟增加到16趟。具体详情请关注12306网站、车站公告。

Posted in ᠲᠠᠨ ᠤ ᠠᠩᠬᠠᠷᠤᠯ ᠳ᠋ᠤ|热点信息 and tagged .