ᠬᠠᠭᠤᠷᠮᠠᠭ ᠮᠠᠭᠤ ᠬᠦᠨᠡᠰᠦᠨ ᠦ ᠪᠦᠲᠦᠭᠡᠭ᠍ᠳᠡᠬᠦᠨ ᠢ ᠵᠠᠰᠠᠨ ᠴᠡᠭᠴᠡᠯᠡᠵᠤ ᠪᠤᠢ整治假冒伪劣食品

ᠦᠪᠦᠷ ᠮᠤᠩᠭ᠋ᠤᠯ ᠤᠨ 5 ᠰᠠᠯᠠᠭ᠎ᠠ ᠮᠦᠴᠢᠷ ᠬᠤᠯᠪᠤᠭᠠᠯᠠᠨ ᠬᠦᠳᠡᠬᠡ ᠲᠤᠰᠬᠤᠨ ᠮᠠᠯᠵᠢᠬᠤ ᠤᠷᠤᠨ ᠤ ᠬᠠᠭᠤᠷᠮᠠᠭ ᠮᠠᠭᠤ ᠬᠦᠨᠡᠰᠦᠨ ᠦ ᠪᠦᠲᠦᠭᠡᠭ᠍ᠳᠡᠬᠦᠨ ᠢ ᠵᠠᠰᠠᠨ ᠴᠡᠭᠴᠡᠯᠡᠵᠤ ᠪᠤᠢ

ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠬᠦᠳᠡᠬᠡ ᠠᠵᠤ ᠠᠬᠤᠢ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠲᠤᠳᠤᠭᠠᠳᠤ ᠶᠢ ᠬᠠᠮᠠᠭᠠᠯᠠᠬᠤ ᠲᠢᠩᠬᠢᠮ᠂ ᠵᠠᠬ᠎ᠠ ᠵᠡᠭᠡᠯᠢ ᠶᠢᠨ ᠬᠢᠨᠠᠨ ᠬᠠᠮᠢᠶᠠᠤᠯᠳᠠ ᠶᠢᠨ ᠲᠤᠪᠴᠢᠶ᠎ᠠ᠂ ᠬᠠᠩᠭ᠋ᠠᠯᠭ᠎ᠠ ᠶᠢᠨ ᠬᠤᠷᠰᠢᠶ᠎ᠠ ᠵᠡᠷᠬᠡ 5 ᠰᠠᠯᠠᠭ᠎ᠠ ᠮᠦᠴᠢᠷ ᠬᠠᠮᠳᠤᠷᠠᠨ 2018 ᠤᠨ ᠤ 12 ᠰᠠᠷ᠎ᠠ ᠶᠢᠨ ᠰᠡᠬᠦᠯᠴᠢ ᠡᠴᠡ ᠡᠬᠢᠯᠡᠨ ᠤᠷᠤᠨ ᠲᠠᠶᠠᠭᠠᠷ ᠤᠨ ᠬᠡᠪᠴᠢᠶᠡᠨ ᠳᠤ ᠬᠦᠳᠡᠬᠡ ᠲᠤᠰᠬᠤᠨ ᠮᠠᠯᠵᠢᠬᠤ ᠤᠷᠤᠨ ᠤ ᠬᠠᠭᠤᠷᠮᠠᠭ ᠮᠠᠭᠤ ᠬᠦᠨᠡᠰᠦᠨ ᠤ ᠪᠦᠲᠦᠭᠡᠭ᠍ᠳᠡᠬᠦᠨ ᠦ ᠲᠤᠰᠬᠠᠢ ᠲᠦᠷᠦᠯ ᠤᠨ ᠵᠠᠰᠠᠨ ᠴᠡᠭᠴᠡᠯᠡᠬᠦ ᠠᠵᠢᠯᠯᠠᠭ᠎ᠠ ᠶᠢ 3 ᠰᠠᠷ᠎ᠠ ᠶᠢᠨ ᠬᠤᠭᠤᠴᠠᠭ᠎ᠠ ᠲᠠᠢ ᠦᠷᠨᠢᠬᠦᠯᠵᠤ ᠡᠬᠢᠯᠡᠪᠡ᠃ ᠦᠢᠯᠡᠳᠪᠦᠷᠢᠯᠡᠯ ᠡᠵᠡᠩᠨᠡᠯᠳᠡ ᠶᠢᠨ ᠬᠠᠭᠤᠷᠮᠠᠭ ᠮᠠᠭᠤ ᠬᠦᠨᠡᠰᠦᠨ ᠦ ᠪᠦᠲᠦᠭᠡᠭ᠍ᠳᠡᠬᠦᠨ ᠦ ᠬᠠᠤᠯᠢ ᠲᠦᠷᠢᠮ ᠢ ᠵᠦᠷᠢᠴᠡᠭᠰᠡᠨ ᠠᠵᠢᠯᠯᠠᠭ᠎ᠠ ᠳᠤ ᠪᠦᠬᠦ ᠲᠠᠯ᠎ᠠ ᠪᠡᠷ ᠴᠤᠬᠢᠯᠳᠠ ᠦᠭ᠍ᠴᠦ᠂ ᠡᠷᠬᠡ ᠲᠡᠭᠰᠢ ᠦᠷᠢᠰᠦᠯᠳᠤᠬᠡᠨ ᠲᠠᠢ ᠵᠠᠬ᠎ᠠ ᠵᠡᠭᠡᠯᠢ ᠶᠢᠨ ᠡᠮᠬᠢ ᠲ᠋ᠢᠭ᠍ᠯᠢᠮ ᠢ ᠪᠠᠳᠤᠯᠠᠵᠤ᠂ ᠬᠦᠳᠡᠬᠡ ᠲᠤᠰᠬᠤᠨ ᠢ ᠬᠦᠭ᠍ᠵᠢᠭᠦᠯᠬᠦ ᠪᠠᠶᠢᠯᠳᠤᠬᠤ ᠪᠤᠳᠤᠯᠭ᠎ᠠ ᠶᠢ ᠪᠦᠲᠦᠮᠵᠢᠲᠡᠢ ᠬᠡᠷᠡᠭᠵᠢᠬᠦᠯᠬᠦ ᠶᠢ ᠠᠬᠢᠭᠤᠯᠵᠤ᠂ ᠠᠷᠠᠳ ᠲᠦᠮᠡᠨ ᠤ ᠪᠡᠶ᠎ᠡ ᠶᠢᠨ ᠡᠷᠡᠬᠦᠯ ᠮᠡᠨᠳᠤ ᠪᠤᠯᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨᠨ᠎ᠠ᠃
 ᠲᠤᠰ ᠤᠳᠠᠭᠠᠨ ᠤ ᠵᠠᠰᠠᠨ ᠴᠡᠭᠴᠡᠯᠡᠬᠦ ᠠᠵᠢᠯᠯᠠᠭ᠎ᠠ ᠶᠢ ᠭᠤᠤᠯᠳᠠᠭᠤ ᠵᠢᠵᠢᠭ᠌᠌ ᠦᠢᠯᠡᠳᠬᠡᠯ᠂ ᠵᠢᠵᠢᠭ᠌᠌ ᠲᠡᠯᠬᠡᠬᠦᠷ᠂ ᠵᠢᠵᠢᠭ᠌᠌ ᠲᠡᠯᠬᠡᠬᠦᠷ ᠤᠨ ᠴᠡᠭ᠂ ᠵᠢᠵᠢᠭ᠌᠌ ᠬᠤᠭᠤᠯᠠᠨ ᠬᠡᠷ᠂ ᠬᠤᠪᠢ ᠶᠢᠨ ᠡᠷᠦᠬᠡ ᠶᠢᠨ ᠮᠠᠶᠢᠮᠠᠶᠢᠴᠢᠨ ᠵᠡᠷᠬᠡ ᠢᠳᠡᠭᠡᠨ ᠤ ᠦᠢᠯᠡᠳᠪᠦᠷᠢᠯᠡᠯ ᠡᠵᠡᠩᠨᠡᠯᠳᠡ ᠶᠢᠨ ᠭᠤᠤᠯ ᠴᠤᠭᠴᠠ ᠪᠤᠯᠤᠨ ᠬᠦᠳᠡᠬᠡ ᠲᠤᠰᠬᠤᠨ ᠮᠠᠯᠵᠢᠬᠤ ᠤᠷᠤᠨ ᠤ ᠵᠠᠬ᠎ᠠ ᠶᠢᠨ ᠠᠷᠠᠯᠵᠢᠶ᠎ᠠ᠂ ᠢᠳᠡᠬᠡᠨ ᠤ ᠪᠦᠬᠡᠮ ᠦᠨ ᠵᠠᠬ᠎ᠠ ᠵᠡᠬᠡᠯᠢ ᠶᠢᠨ ᠲᠦᠬᠦᠮ ᠢᠳᠡᠬᠡᠨ᠂ ᠰᠤᠯᠠ ᠢᠳᠡᠬᠡᠨ᠂ ᠠᠷᠢᠬᠢ ᠤᠮᠳᠠᠭᠠᠨ᠂ ᠠᠮᠳᠠᠯᠠᠭᠴᠢ᠂ ᠰᠦᠨ ᠪᠦᠲᠦᠭᠡᠭ᠍ᠳᠡᠬᠦᠨ᠂ ᠮᠢᠬᠠᠨ ᠪᠦᠲᠦᠭᠡᠭ᠍ᠳᠡᠬᠦᠨ ᠵᠡᠷᠬᠡ ᠬᠦᠳᠡᠬᠡ ᠲᠤᠰᠬᠤᠨ ᠮᠠᠯᠵᠢᠬᠤ ᠤᠷᠤᠨ ᠳᠤ ᠦᠷᠬᠡᠨ ᠢᠶᠡᠷ ᠪᠤᠷᠤᠯᠠᠭᠤᠯᠵᠤ ᠪᠠᠶᠢᠭ᠎ᠠ ᠬᠦᠨᠡᠰᠦᠨ ᠤ ᠪᠦᠲᠦᠭᠡᠭ᠍ᠳᠡᠬᠦᠨ ᠦ ᠲᠦᠷᠦᠯ ᠳᠤ ᠭᠤᠤᠯᠳᠠᠭᠤ ᠬᠢᠨᠠᠨ ᠪᠠᠶᠢᠴᠠᠭᠠᠵᠤ ᠵᠠᠰᠠᠨ ᠴᠡᠭᠴᠡᠯᠡᠯᠲᠡ ᠬᠢᠨ᠎ᠡ᠃
 ᠢᠷᠡᠯᠳᠡ᠄ᠦᠪᠦᠷ ᠮᠣᠩᠭᠣᠯ ᠤᠨ ᠭᠢᠶᠠᠨ ᠰᠦᠯᠵᠢᠶ᠎ᠡ《ᠦᠪᠦᠷ ᠮᠤᠩᠭ᠋ᠤᠯ ᠤᠨ ᠰᠤᠨᠢᠨ ᠮᠡᠳᠡᠬᠡᠨ ᠤ ᠨᠧᠲ》ᠡᠴᠡ ᠰᠢᠯᠵᠢᠬᠦᠯᠤᠨ ᠪᠠᠭᠤᠯᠭᠠᠪᠠ᠃

内蒙古5部门联合整治农村牧区假冒伪劣食品

自治区农牧厅、商务厅、公安厅、市场监督管理局、供销合作社联合社等5部门从2018年12月底起在全区范围内集中开展为期3个月的农村牧区假冒伪劣食品专项整治行动,全面打击生产经营假冒伪劣食品违法违规等行为,保障公平竞争的市场秩序,促进乡村振兴战略有效实施,切实维护广大人民群众身体健康和合法权益。
 本次整治行动重点对象包括小作坊、小商店、小摊点、小餐馆、小商贩等食品生产经营主体和农村牧区集市、食品批发市场,重点针对方便食品、休闲食品、酒水饮料、调味品、奶及奶制品、肉及肉制品等农村牧区消费量大的食品品类。
  来源:内蒙古启言网摘自《内蒙古新闻网》

 
 
 
Posted in ᠲᠠᠨ ᠤ ᠠᠩᠬᠠᠷᠤᠯ ᠳ᠋ᠤ|热点信息 and tagged .