ᠦᠪᠦᠷ ᠮᠣᠩᠭᠣᠯ ᠨᠢ ᠨᠡᠭᠦᠳᠡᠯ ᠦᠨ ᠰᠢᠪᠠᠭᠤ ᠶᠢ ᠬᠠᠮᠠᠭᠠᠯᠠᠬᠤ ···内蒙古开展候鸟保护专项行动

ᠦᠪᠦᠷ ᠮᠣᠩᠭᠣᠯ ᠨᠢ ᠨᠡᠭᠦᠳᠡᠯ ᠦᠨ ᠰᠢᠪᠠᠭᠤ ᠶᠢ ᠬᠠᠮᠠᠭᠠᠯᠠᠬᠤ ᠲᠤᠰᠬᠠᠢ ᠠᠵᠢᠯᠯᠠᠭ᠎ᠠ ᠥᠷᠨᠢᠭᠦᠯᠵᠤ ᠪᠤᠢ

ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠤᠢ ᠰᠢᠭᠤᠢ ᠪᠠ ᠲᠠᠯ᠎ᠠ ᠨᠤᠲᠤᠭ ᠤᠨ ᠲᠤᠪᠴᠢᠶ᠎ᠠ ᠠᠴᠠ ᠤᠢᠯᠠᠭᠠᠭᠰᠠᠨ ᠢᠶᠠᠷ᠂ ᠠᠭᠤᠷ ᠠᠮᠢᠰᠬᠤᠯ ᠳᠤᠯᠠᠭᠠᠷᠠᠬᠤ ᠶᠢ ᠳᠠᠭᠠᠯᠳᠤᠨ ᠦᠪᠦᠷ ᠮᠣᠩᠭᠣᠯ ᠤᠨ ᠨᠠᠭᠤᠷ ᠴᠦᠭᠦᠷᠦᠮ᠂ ᠨᠤᠭᠤ ᠭᠠᠵᠠᠷ ᠲᠤ ᠮᠠᠰᠢ ᠤᠯᠠᠨ ᠨᠡᠭᠦᠳᠡᠯ ᠦᠨ ᠰᠢᠪᠠᠭᠤᠳ ᠢᠷᠡᠭᠰᠡᠨ ᠪᠠᠶᠢᠨ᠎ᠠ᠂ ᠡᠳᠡᠭᠡᠷ ᠰᠢᠪᠠᠭᠤᠳ ᠤᠨ ᠠᠮᠤᠷ ᠲᠥᠪᠰᠢᠨ ᠢ ᠬᠠᠮᠠᠭᠠᠯᠠᠬᠤ ᠶᠢᠨ ᠲᠥᠯᠦᠭᠡ ᠤᠢ ᠰᠢᠭᠤᠢ ᠶᠢᠨ ᠠᠮᠤᠷ ᠢ ᠬᠠᠮᠠᠭᠠᠯᠠᠬᠤ ᠲᠤᠪᠴᠢᠶ᠎ᠠ ᠶᠢᠨ ᠬᠢᠨ ᠤᠶᠢᠷ᠎ᠠ ᠶᠢᠨ ᠡᠳᠦᠷ ᠂ 3 ᠰᠠᠷ᠎ᠠ ᠶᠢᠨ ᠬᠤᠭᠤᠴᠠᠭ᠎ᠠ ᠲᠠᠢ ᠨᠡᠭᠦᠳᠡᠯ ᠦᠨ ᠰᠢᠪᠠᠭᠤᠳ ᠢ ᠬᠠᠮᠠᠭᠠᠯᠠᠬᠤ ᠲᠤᠰᠬᠠᠢ ᠠᠵᠢᠯᠯᠠᠭ᠎ᠠ ᠥᠷᠨᠢᠭᠦᠯᠬᠦ ᠪᠤᠯᠤᠨ᠎ᠠ᠃

ᠤᠢᠯᠠᠭᠠᠭᠰᠠᠨ ᠢᠶᠠᠷ᠂ ᠦᠪᠡᠷᠲᠡᠭᠡᠨ ᠵᠠᠰᠠᠬᠤ ᠤᠷᠤᠨ ᠤ ᠡᠯ᠎ᠡ ᠱᠠᠲᠣᠨ ᠤ ᠠᠮᠤᠷ ᠢ ᠬᠠᠮᠠᠭᠠᠯᠠᠬᠤ ᠪᠤᠯᠤᠨ ᠤᠢ ᠰᠢᠭᠤᠢ ᠶᠢ ᠬᠠᠮᠠᠭᠠᠯᠠᠬᠤ ᠬᠦᠮᠦᠰ ᠨᠢᠬᠲᠠ ᠬᠠᠮᠵᠢᠯᠴᠠᠵᠤ᠂ ᠨᠡᠭᠦᠳᠡᠯ ᠦᠨ ᠰᠢᠪᠠᠭᠤᠳ ᠤᠨ ᠠᠮᠠᠷᠠᠬᠤ ᠭᠠᠵᠠᠷ ᠤᠨ ᠬᠠᠮᠠᠭᠠᠯᠠᠯᠲᠠ ᠶᠢ ᠴᠢᠩᠭ᠋᠎ᠠ ᠠᠳᠬᠤᠵᠤ᠂ ᠴᠡᠷᠢᠭ ᠴᠠᠭᠳᠠᠭᠠᠨ ᠤ ᠬᠦᠷᠴᠦ ᠲᠡᠶᠢᠯᠬᠦ ᠦᠭᠡᠢ ᠭᠠᠵᠠᠷ ᠲᠤ ᠤᠳᠤᠷᠢᠳᠤᠯᠭ᠎ᠠ ᠪᠡᠷ ᠨᠢᠰᠭᠡᠭ᠍ᠴᠢ ᠪᠠᠷ ᠬᠢᠨᠠᠨ ᠪᠠᠶᠢᠴᠠᠭᠠᠵᠠᠢ᠃ ᠲᠡᠳᠡ ᠪᠠᠰᠠ ᠰᠢᠪᠠᠭᠤᠨ ᠲᠤᠤᠷ᠂ ᠨᠠᠭᠠᠯᠳᠤᠭᠤᠯᠬᠤ ᠲᠣᠣᠷ᠂ ᠬᠠᠪᠬ᠎ᠠ ᠵᠡᠷᠭᠡ ᠠᠩ ᠤᠨ ᠪᠠᠭᠠᠵᠢ ᠶᠢ ᠵᠠᠶᠢᠯᠠᠭᠤᠯᠵᠤ ᠨᠡᠭᠦᠳᠡᠯ ᠦᠨ ᠰᠢᠪᠠᠭᠤᠳ ᠤᠨ ᠬᠦᠮᠦᠨ ᠡᠴᠡ ᠪᠤᠯᠤᠭᠰᠠᠨ ᠬᠠᠷᠰᠢ ᠶᠢ ᠬᠣᠷᠢᠭᠯᠠᠭᠰᠠᠨ ᠪᠠᠶᠢᠨ᠎ᠠ᠃

ᠥᠨᠦ ᠬᠠᠪᠤᠷ ᠠᠴᠠ ᠨᠠᠭᠠᠰᠢ᠂ ᠤᠷᠤᠨ ᠤ ᠡᠯ᠎ᠡ ᠱᠠᠲᠤᠨ ᠤ ᠤᠢ ᠰᠢᠭᠤᠢ ᠶᠢᠨ ᠠᠮᠤᠷ ᠢ ᠬᠠᠮᠠᠭᠠᠯᠠᠬᠤ ᠪᠠᠢᠭᠤᠯᠤᠮᠵᠢ ᠨᠢ 2000 ᠭᠠᠷᠤᠢ ᠤᠳᠠᠭ᠎ᠠ ᠬᠥᠳᠡᠯᠦᠯᠴᠡᠵᠦ᠂ 600 ᠭᠠᠷᠤᠢ ᠮᠠᠰᠢᠨ ᠢ ᠬᠥᠳᠡᠯᠭᠡᠨ᠂ ᠨᠡᠭᠦᠳᠡᠯ ᠦᠨ ᠰᠢᠪᠠᠭᠤᠳ ᠤᠨ ᠨᠡᠭᠦᠳᠡᠯ ᠦᠨ ᠵᠠᠮ᠂ ᠢᠳᠡᠰᠢ ᠡᠷᠢᠬᠦ ᠭᠠᠵᠠᠷ᠂ ᠦᠷᠡᠵᠢᠬᠦ ᠭᠠᠵᠠᠷ ᠵᠡᠷᠭᠡ 200 ᠭᠠᠷᠤᠢ ᠭᠠᠵᠠᠷ ᠢ ᠪᠠᠢᠴᠠᠭᠠᠵᠤ᠂ ᠬᠡᠳᠦᠨ ᠵᠠᠭᠤᠨ ᠺᠢᠯᠣᠭ᠍ᠷᠠᠮ ᠢᠳᠡᠰᠢ ᠲᠠᠯᠪᠢᠵᠤ᠂ ᠪᠠᠭᠤᠳᠠᠯ᠂ ᠡᠯ᠎ᠡ ᠬᠤᠨᠤᠭ ᠤᠨ ᠭᠠᠵᠠᠷ᠂ ᠪᠠᠷᠠᠭ᠎ᠠ ᠶᠢᠨ ᠵᠠᠬ᠎ᠠ᠂ ᠰᠢᠪᠠᠭᠤᠨ ᠤ ᠵᠠᠬ᠎ᠠ ᠳᠡᠯᠭᠡᠭᠦᠷ ᠵᠡᠷᠭᠡ 100 ᠭᠠᠷᠤᠢ ᠭᠠᠵᠠᠷ ᠢ ᠪᠠᠢᠴᠠᠭᠠᠨ ᠴᠡᠪᠡᠷᠯᠡᠭᠰᠡᠨ ᠪᠠᠶᠢᠨ᠎ᠠ᠃

ᠡᠨᠡ ᠬᠡᠳᠦᠨ ᠡᠳᠦᠷ᠂ ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤᠨ ᠤ ᠪᠣᠯᠣᠩ ᠤᠰᠤᠨ ᠴᠦᠭᠦᠷᠦᠮ ᠳᠦ ᠮᠢᠩᠭ᠋ᠠᠭᠠᠳ ᠬᠤᠨ᠂ ᠭᠠᠯᠠᠭᠤ᠂ ᠠᠩᠭᠢᠷ ᠵᠡᠷᠭᠡ ᠰᠢᠪᠠᠭᠤᠳ ᠳᠤᠷ᠎ᠠ ᠲᠠᠪᠠ ᠪᠠᠷ ᠢᠶᠠᠨ ᠱᠤᠮᠪᠠᠨ ᠨᠢᠰᠴᠦ ᠪᠠᠶᠢᠯ᠎ᠠ᠃ ᠲᠤᠬᠠᠢ ᠶᠢᠨ ᠭᠠᠵᠠᠷ ᠤᠨ ᠠᠮᠤᠷ ᠢ ᠬᠠᠮᠠᠭᠠᠯᠠᠬᠤ ᠲᠤᠪᠴᠢᠶ᠎ᠠ ᠶᠢᠨ ᠪᠦᠷᠢᠳᠬᠡᠭ᠍ᠰᠡᠨ ᠢᠶᠡᠷ ᠤᠯᠠᠭᠠᠨᠬᠠᠳᠠ ᠳᠤ ᠨᠡᠭᠦᠳᠡᠯ ᠦᠨ ᠰᠢᠪᠠᠭᠤᠳ ᠤᠨ ᠠᠮᠠᠷᠠᠬᠤ ᠭᠠᠵᠠᠷ ᠲᠠᠪᠢᠭᠠᠳ ᠪᠠᠶᠢᠵᠦ᠂ ᠳᠤᠮᠳᠠᠴᠢ ᠪᠠᠷ ᠡᠳᠦᠷ ᠪᠦᠷᠢ 3.5 ᠲᠦᠮᠡᠨ ᠰᠢᠪᠠᠭᠤ ᠡᠨᠳᠡ ᠪᠠᠭᠤᠳᠠᠭ᠃

ᠨᠡᠭᠦᠳᠡᠯ ᠦᠨ ᠪᠠᠭᠤᠴᠠ ᠶᠢᠨ ᠠᠮᠤᠷ ᠲᠥᠪᠰᠢᠨ ᠢ ᠬᠠᠮᠠᠭᠠᠯᠠᠬᠤ ᠶᠢᠨ ᠲᠥᠯᠦᠭᠡ ᠲᠤᠬᠠᠢ ᠶᠢᠨ ᠭᠠᠵᠠᠷ ᠤᠨ ᠤᠢ ᠰᠢᠭᠤᠢ ᠶᠢᠨ ᠠᠮᠤᠷ ᠢ ᠬᠠᠮᠠᠭᠠᠯᠠᠬᠤ ᠰᠠᠯᠠᠭ᠎ᠠ ᠮᠦᠴᠢᠷ ᠨᠢ ᠭᠣᠣᠯ ᠮᠦᠷᠡᠨ᠂ ᠨᠠᠭᠤᠷ ᠴᠥᠭᠦᠷᠦᠮ᠂ ᠨᠠᠮᠤᠭ ᠭᠠᠵᠠᠷ ᠵᠡᠷᠭᠡ ᠴᠢᠬᠤᠯᠠ ᠭᠠᠵᠠᠷ ᠢ ᠰᠠᠬᠢᠨ ᠬᠠᠮᠠᠭᠠᠯᠠᠵᠤ᠂ ᠴᠠᠭᠳᠠᠬᠤ ᠪᠤᠯᠤᠨ ᠢᠳᠡᠰᠢ ᠦᠭ᠍ᠬᠦ ᠵᠡᠷᠭᠡ ᠠᠷᠭ᠎ᠠ ᠠᠪᠤᠭᠰᠠᠨ ᠪᠠᠶᠢᠨ᠎ᠠ᠃ ᠪᠠᠶᠠᠨᠨᠠᠭᠤᠷ ᠬᠤᠲᠠ ᠶᠢᠨ ᠤᠷᠠᠳ ᠤᠨ ᠡᠮᠦᠨ᠎ᠡ ᠬᠤᠰᠢᠭᠤᠨ ᠳᠤ ᠪᠠᠢᠷᠢᠯᠠᠬᠤ ᠤᠯᠠᠭᠠᠨᠰᠤᠬᠠᠢ ᠨᠠᠭᠤᠷ ᠲᠤ ᠤᠯᠠᠨ ᠤᠯᠠᠨ ᠨᠤᠭᠤᠰᠤᠨ ᠤ ᠲᠦᠷᠦᠯ᠂ ᠭᠠᠯᠠᠭᠤᠨ ᠤ ᠲᠦᠷᠦᠯ ᠪᠤᠯᠤᠨ ᠲᠡᠬᠡᠯᠡᠢ ᠶᠢᠨ ᠲᠦᠷᠦᠯ ᠦᠨ ᠰᠢᠪᠠᠭᠤᠳ ᠰᠦᠷᠦᠭᠯᠡᠨ ᠪᠠᠭᠤᠭᠰᠠᠨ ᠪᠠᠶᠢᠨ᠎ᠠ᠃

ᠲᠤᠬᠠᠢ ᠶᠢᠨ ᠭᠠᠵᠠᠷ ᠤᠨ ᠵᠠᠰᠠᠭ ᠤᠨ ᠤᠷᠳᠤᠨ ᠨᠢ ᠤᠯᠠᠭᠠᠨᠰᠤᠬᠠᠢ ᠳᠤ ᠰᠢᠪᠠᠭᠤᠳ ᠤᠨ ᠡᠭᠦᠷ ᠪᠤᠯᠤᠨ ᠥᠨᠳᠡᠭᠡᠯᠡᠬᠦ ᠭᠠᠵᠠᠷ ᠭᠠᠷᠭᠠᠨ ᠥᠭ᠍ᠭᠦᠭ᠍ᠰᠡᠨ ᠪᠦᠭᠡᠳ ᠬᠦᠮᠦᠨ ᠤᠶᠢᠷᠠᠳᠬᠤ ᠶᠢ ᠴᠠᠭᠠᠵᠠᠯᠠᠵᠠᠢ᠂ ᠪᠠᠰᠠ ᠲᠤᠭᠲᠠᠭᠰᠠᠨ ᠪᠠᠶᠢᠴᠠᠭᠠᠬᠤ ᠭᠠᠵᠠᠷ ᠪᠠ ᠵᠠᠮ ᠱᠤᠭᠤᠮ ᠭᠠᠷᠭᠠᠨ ᠲᠤᠰᠬᠠᠢ ᠬᠦᠮᠦᠨ ᠢᠶᠠᠷ ᠲᠤᠭᠲᠠᠭᠰᠠᠨ ᠬᠤᠭᠤᠴᠠᠭ᠎ᠠ ᠲᠠᠢ ᠪᠠᠷ ᠴᠠᠭᠳᠠᠭᠤᠯᠤᠭᠰᠠᠨ ᠪᠠᠶᠢᠨ᠎ᠠ᠃

ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠤᠢ ᠰᠢᠭᠤᠢ ᠪᠠ ᠲᠠᠯ᠎ᠠ ᠨᠤᠲᠤᠭ ᠤᠨ ᠲᠤᠪᠴᠢᠶ᠎ᠠ ᠶᠢᠨ ᠮᠡᠷᠭᠡᠵᠢᠯᠲᠡᠨ ᠡᠴᠡ ᠤᠢᠯᠠᠭᠠᠭᠰᠠᠨ ᠢᠶᠠᠷ ᠮᠠᠨ ᠤ ᠤᠯᠤᠰ ᠤᠨ ᠨᠡᠭᠦᠳᠡᠯ ᠦᠨ ᠰᠢᠪᠠᠭᠤᠳ ᠤᠨ ᠨᠡᠭᠦᠳᠡᠯ ᠦᠨ ᠵᠠᠮ ᠱᠤᠭᠤᠮ ᠤᠨ ᠭᠤᠷᠪᠠ ᠨᠢ ᠦᠪᠦᠷ ᠮᠣᠩᠭᠣᠯ ᠢᠶᠠᠷ ᠥᠩᠭᠡᠷᠡᠳᠡᠭ᠂ ᠫᠥᠸᠸ ᠶᠠᠩ ᠨᠠᠭᠤᠷ ᠢᠶᠠᠷ ᠡᠬᠢᠯᠡᠯᠲᠡ ᠶᠢᠨ ᠴᠡᠩ ᠪᠣᠯᠭᠠᠵᠤ ᠪᠡᠭᠡᠵᠢᠩ ᠡᠴᠡ ᠤᠯᠠᠭᠠᠨᠬᠠᠳᠠ ᠬᠦᠷᠬᠦ ᠱᠤᠭᠤᠮ ᠨᠢ ᠬᠤᠶᠠᠷ ᠬᠤᠪᠢᠶᠠᠭᠳᠠᠵᠤ᠂ ᠨᠢᠭᠡ ᠨᠢ ᠬᠦᠯᠦᠨ ᠪᠤᠶᠢᠷ ᠢ ᠪᠠᠭᠲᠠᠭᠠᠭᠰᠠᠨ ᠵᠡᠭᠦᠨ ᠬᠤᠢᠲᠦ ᠤᠷᠤᠨ ᠵᠦᠭ ᠶᠠᠪᠤᠵᠤ᠂ ᠨᠥᠭᠦᠭᠡ ᠨᠢ ᠲᠦᠩᠯᠢᠶᠣᠣ᠂ ᠮᠠᠨᠵᠤᠤᠷ ᠢ ᠳᠠᠮᠵᠢᠵᠦ ᠪᠠᠶᠢᠭᠠᠯ ᠨᠠᠭᠤᠷ ᠤᠷᠴᠢᠮ ᠬᠦᠷᠳᠡᠭ ᠪᠠᠶᠢᠨ᠎ᠠ᠂ ᠪᠠᠰᠠ ᠨᠢᠭᠡ ᠱᠤᠭᠤᠮ ᠨᠢ ᠬᠠᠲᠤᠨ ᠭᠣᠣᠯ ᠤᠨ ᠳᠠᠭᠠᠤ ᠪᠤᠭᠤᠲᠦ᠂ ᠪᠠᠶᠠᠨᠨᠠᠭᠤᠷ ᠵᠡᠷᠭᠡ ᠭᠠᠵᠠᠷ ᠢ ᠳᠠᠮᠵᠢᠵᠦ ᠤᠮᠠᠷᠠᠰᠢ ᠮᠣᠩᠭᠣᠯ ᠤᠯᠤᠰ ᠲᠦ ᠬᠦᠷᠳᠡᠭ᠃

ᠢᠷᠡᠯᠳᠡ᠄ ᠰᠢᠨᠬᠤᠸᠠ ᠬᠣᠷᠢᠶ᠎ᠠ ᠵᠢᠷᠤᠭ ᠢ ᠬᠢᠶᠠᠨ ᠰᠦᠯᠵᠢᠶ᠎ᠡ ᠬᠠᠩᠭᠠᠪᠠ

内蒙古开展候鸟保护专项行动

记者从内蒙古自治区林业和草原局获悉,随着天气转暖,内蒙古各大湖泊、湿地迎来大批过境候鸟,为保护候鸟安全,森林公安等部门近日启动近3个月的保护候鸟专项行动。
据了解,自治区各级森林公安与护林人员密切配合,重点加强对候鸟迁飞停歇地和通道的巡查巡护力度,对警力无法到达的区域,则利用警用无人驾驶航空器进行监测。他们还发动各界人士配合公安及时清理捕鸟网、粘网、猎夹等猎捕工具,制止对候鸟等野生动物活动区域进行人为干扰。
今春以来,自治区各级森林公安机关已出动警力2000余人次,出动车辆600余台次,巡查候鸟迁徙通道、觅食、繁殖区域200处,投放饲料数百公斤,清理整顿酒店、宾馆、集贸市场、鸟类市场等场所100处。
这几天,在赤峰市巴林右旗宝冷水库,上千只天鹅、大雁、赤麻鸭等鸟类到此嬉戏,它们有的把头伸进水里觅食,有的展翅飞翔。
据当地森林公安监测统计,赤峰境内的候鸟重点迁徙停留区域有50多处,平均每天有3.5万余只候鸟在赤峰停留。为确保迁徙通道安全,当地森林公安等部门正对河流、湖泊、湿地采取重点看守、巡护和投喂饲料等措施。
在巴彦淖尔市乌拉特前旗境内的乌梁素海,大批鸭类、雁类和鹭类候鸟翩翩而至,在湿地上觅食嬉戏、振翅翱翔。
当地林业部门在乌梁素海湿地划定了鸟类筑巢、产卵核心区,禁止人类活动干扰,并建立固定监测点、巡查路线,采取专人巡护、定期监测等措施监护鸟类栖息、繁殖情况。
据自治区林业和草原局专家介绍,我国候鸟迁徙路线有3条过境内蒙古,以鄱阳湖为起点经北京到赤峰分成两条线,一条往呼伦贝尔东北方向迁徙,另一条经过通辽、满洲里,最终到俄罗斯贝加尔湖附近进行繁殖;还有一条通道是沿黄河一线在包头市、巴彦淖尔市等地停歇,继续向北到达蒙古国。

图片:启言网提供

Posted in ᠴᠢᠯᠤᠭᠡᠲᠦ ᠴᠠᠭ |茶余饭后 and tagged .