ᠮᠡᠷᠭᠡᠵᠢᠯ ᠲᠡᠭᠡᠭᠰᠢᠯᠡᠬᠦᠯᠬᠦ ᠪᠤᠯᠪᠠᠰᠤᠷᠠᠯ ᠳ᠋ᠤ ᠤᠷᠤᠯᠴᠠᠪᠠᠯ ᠨᠦᠬᠦᠪᠦᠷᠢ ᠬᠦᠷᠲᠡᠬᠦ ᠪᠤᠯᠤᠨ᠎ᠠ参加职业技能培训可享受补贴

ᠦᠪᠦᠷ ᠮᠤᠩᠭᠤᠯ᠄ ᠲᠤᠬᠠᠢᠯᠠᠭᠰᠠᠨ ᠠᠵᠢᠯ ᠤᠨ ᠮᠡᠷᠭᠡᠵᠢᠯ ᠲᠡᠭᠡᠭᠰᠢᠯᠡᠬᠦᠯᠬᠦ ᠪᠤᠯᠪᠠᠰᠤᠷᠠᠯ ᠳ᠋ᠤ ᠤᠷᠤᠯᠴᠠᠪᠠᠯ ᠡᠳ᠋ ᠤᠨ ᠵᠠᠰᠠᠭ ᠤᠨ ᠨᠦᠬᠦᠪᠦᠷᠢ ᠬᠦᠷᠲᠡᠬᠦ ᠪᠤᠯᠤᠨ᠎ᠠ

ᠦᠪᠦᠷ ᠮᠤᠩᠭᠤᠯ ᠤᠨ ᠬᠠᠮᠤᠭ ᠤᠨ ᠰᠢᠨ᠎᠎ᠡ ᠨᠡᠢᠲᠡᠯᠡᠭᠰᠡᠨ ᠲᠤᠬᠠᠢᠯᠠᠭᠰᠠᠨ ᠠᠵᠢᠯ ᠤᠨ ᠮᠡᠷᠭᠡᠵᠢᠯ ᠲᠡᠭᠡᠭᠰᠢᠯᠡᠬᠦᠯᠬᠦ ᠪᠤᠯᠪᠠᠰᠤᠷᠠᠯ ᠤᠨ ᠨᠦᠬᠦᠪᠦᠷᠢ ᠦᠭᠬᠦ ᠭᠠᠷᠴᠠᠭ ᠲᠤ ᠤᠯᠤᠰ ᠪᠤᠯᠤᠨ ᠦᠪᠡᠷᠲᠡᠭᠡᠨ ᠵᠠᠰᠠᠬᠤ ᠤᠷᠤᠨ ᠡᠴᠡ ᠲᠤᠭᠲᠠᠭᠠᠭᠰᠠᠨ ᠮᠡᠷᠭᠡᠵᠢᠯ ᠤᠨ ᠲᠦᠷᠦᠯ ᠪᠦᠬᠦᠢ ᠲᠤᠬᠠᠢᠯᠠᠭᠰᠠᠨ ᠠᠵᠢᠯ᠂ ᠰᠢᠨ᠎ᠡ ᠲᠤᠬᠠᠢᠯᠠᠭᠰᠠᠨ ᠠᠵᠢᠯ ᠢ ᠵᠠᠰᠠᠭ ᠤᠨ ᠤᠷᠲᠤᠨ ᠤ ᠨᠦᠬᠦᠪᠦᠷᠢ ᠦᠭᠬᠦ ᠪᠤᠯᠪᠠᠰᠤᠷᠠᠯ ᠤᠨ ᠠᠵᠢᠯ ᠤᠨ ᠬᠦᠷᠢᠶ᠎ᠡ ᠬᠡᠪᠴᠢᠶᠠᠨ ᠳ᠋ᠤ ᠵᠢᠭᠰᠠᠭᠠᠨ ᠤᠷᠤᠭᠤᠯᠪᠠ᠃
  ᠲᠠᠨᠢᠯᠴᠠᠭᠤᠯᠤᠭᠰᠠᠨ ᠶᠢᠡᠷ᠂ ᠦᠨᠳᠦᠰᠦᠲᠡᠨ ᠤ ᠤᠨᠴᠠᠯᠢᠭ ᠪᠤᠯᠤᠨ ᠤᠷᠤᠨ ᠨᠤᠲᠤᠭ ᠤᠨ ᠠᠵᠤ ᠦᠢᠯᠡᠰ ᠤᠨ ᠬᠦᠭᠵᠢᠯᠲᠠ ᠶᠢᠨ ᠤᠨᠴᠠᠯᠢᠭ ᠲᠤ ᠵᠤᠬᠢᠴᠠᠭᠤᠯᠤᠨ ᠦᠪᠦᠷ ᠮᠤᠩᠭᠤᠯ ᠭᠤᠤᠯᠲᠠᠯᠭ᠎ᠠ ᠲᠠᠢ ᠠᠵᠤ ᠦᠢᠯᠡᠰ ᠤᠨ ᠪᠤᠯᠪᠠᠰᠤᠷᠠᠯ ᠤᠨ ᠬᠡᠷᠡᠭᠴᠡᠭᠡ ᠱᠠᠭᠠᠷᠲᠠᠯᠭ᠎ᠠ ᠶᠢᠨ ᠭᠠᠷᠴᠠᠭ ᠢ ᠵᠤᠬᠢᠶᠠᠪᠠ᠃ ᠭᠠᠷᠴᠠᠭ ᠲᠤ ᠵᠢᠭᠰᠠᠭᠠᠭᠲᠠᠭᠰᠠᠨ ᠠ ᠲᠦᠷᠦᠯ ᠤᠨ ᠲᠤᠬᠠᠢᠯᠠᠭᠰᠠᠨ ᠠᠵᠢᠯ ᠳ᠋ᠤ ᠬᠦᠮᠦᠨ ᠨᠢᠭᠡᠪᠦᠷᠢ ᠶᠢᠨ ᠨᠦᠬᠦᠪᠦᠷᠢ 1800 ᠲᠦᠭᠦᠷᠢᠭ; ᠡ ᠲᠦᠷᠦᠯ ᠤᠨ ᠲᠤᠬᠠᠢᠯᠠᠭᠰᠠᠨ ᠠᠵᠢᠯ ᠳ᠋ᠤ ᠬᠦᠮᠦᠨ ᠨᠢᠭᠡᠪᠦᠷᠢ ᠶᠢᠨ ᠨᠦᠬᠦᠪᠦᠷᠢ 1300 ᠲᠦᠭᠦᠷᠢᠭ; ᠢ ᠲᠦᠷᠦᠯ ᠤᠨ ᠲᠤᠬᠠᠢᠯᠠᠭᠰᠠᠨ ᠠᠵᠢᠯ ᠳ᠋ᠤ ᠬᠦᠮᠦᠨ ᠨᠢᠭᠡᠪᠦᠷᠢ ᠶᠢᠨ ᠨᠦᠬᠦᠪᠦᠷᠢ 600 ᠲᠦᠭᠦᠷᠢᠭ ᠭᠡᠵᠦ ᠲᠤᠭᠲᠠᠭᠠᠪᠠ᠃
  ᠦᠪᠡᠷᠲᠡᠭᠡᠨ ᠵᠠᠰᠠᠬᠤ ᠤᠷᠤᠨ ᠤ ᠲᠡᠰ ᠤᠨ ᠠᠵᠢᠯ ᠤᠯᠭᠤᠯᠲᠠ ᠶᠢᠨ ᠮᠡᠷᠭᠡᠵᠢᠯ ᠤᠨ ᠨᠡᠷᠡᠲᠦ ᠲᠡᠮᠲᠡᠭᠲᠦ ᠪᠤᠯᠪᠠᠰᠤᠷᠠᠯ ᠪᠤᠯᠤᠨ ᠤᠨᠴᠠᠯᠢᠭᠲᠤ ᠨᠡᠷᠡᠲᠦ ᠲᠡᠮᠲᠡᠭᠲᠦ ᠶᠢᠨ ᠪᠤᠯᠪᠠᠰᠤᠷᠠᠯ ᠨᠢ ᠨᠦᠬᠦᠪᠦᠷᠢ ᠶᠢᠨ ᠪᠠᠷᠢᠮᠵᠢᠶ᠎ᠠ ᠶᠢ ᠲᠡᠭᠡᠭᠰᠢᠯᠡᠬᠦᠯᠵᠦ ᠪᠤᠯᠤᠨ᠎ᠠ᠂ ᠡᠭᠦᠨ ᠳ᠋ᠤ ᠮᠤᠩᠭᠤᠯ ᠬᠤᠭᠤᠯᠠ᠂ ᠤᠷᠤᠨ ᠨᠤᠲᠤᠭ ᠤᠨ ᠤᠨᠴᠠᠯᠢᠭᠲᠤ ᠬᠤᠭᠤᠯᠠ᠂ ᠦᠨᠳᠦᠰᠦᠲᠡᠨ ᠤ ᠬᠤᠪᠴᠠᠰᠤ ᠵᠠᠰᠠᠯ ᠵᠡᠷᠭᠡ ᠶᠢ ᠪᠠᠭᠲᠠᠭᠠᠭᠰᠠᠨ 200 ᠭᠠᠷᠤᠢ ᠠᠵᠢᠯ ᠲᠦᠷᠦᠯ ᠪᠠᠭᠲᠠᠵᠤ ᠪᠤᠢ ᠭᠡᠵᠦ ᠲᠤᠲᠤᠷᠬᠠᠢ ᠲᠤᠭᠲᠠᠭᠠᠭᠰᠠᠨ ᠪᠠᠢᠲᠠᠭ᠃
   ᠢᠷᠡᠯᠳᠡ᠄ᠦᠪᠦᠷ ᠮᠣᠩᠭᠣᠯ ᠤᠨ ᠭᠢᠶᠠᠨ ᠰᠦᠯᠵᠢᠶ᠎ᠡ《ᠰᠢᠨᠬᠤᠧᠠ ᠬᠤᠷᠢᠶ᠎ᠠ》ᠡᠴᠡ ᠰᠢᠯᠵᠢᠬᠦᠯᠤᠨ ᠪᠠᠭᠤᠯᠭᠠᠪᠠ᠃

内蒙古:参加职业技能培训可享受财政补贴

内蒙古最新公布职业技能培训补贴目录,凡是国家和自治区认定的技能类职业(工种)、新职业(工种)均列入政府补贴培训职业(工种)范围。
  据介绍,结合民族特色、地方产业发展特点,内蒙古同时制定重点产业职业培训需求目录,凡是列入目录中A类职业(工种)的,每人每次基准培训补贴1800元;凡是列入目录中B类职业(工种)的,每人每次基准培训补贴1300元;凡是列入目录中C类职业(工种)的,每人每次基准培训补贴600元。
  内蒙古明确规定:对于自治区级就业技能知名品牌培训和特色品牌培训,可相应提高补贴标准,包括蒙餐制作、地方特色食品制作、民族服饰制作等200多个职业(工种)。
  来源:内蒙古启言网摘自《新华网》  

 
 
 
Posted in ᠤᠷᠤᠨ ᠨᠤᠲᠤᠭ |农牧信息 and tagged .