ᠤᠨᠴᠠᠭᠠᠢ ᠪᠦᠷᠢᠨ ᠮᠡᠷᠬᠡᠵᠢᠯ ᠤᠨ ᠡᠮᠴᠢ ᠳᠤ ᠨᠦᠬᠦᠪᠦᠷᠢ ᠤᠯᠭᠤᠨ᠎ᠠ 特全科医生获补助
ᠦᠪᠦᠷ ᠮᠤᠩᠭ᠋ᠤᠯ ᠤᠨ ᠤᠨᠴᠠᠭᠠᠢ ᠠᠵᠢᠯ ᠤᠨ ᠪᠠᠶᠢᠷᠢᠨ ᠳ᠋ᠡᠬᠢ ᠪᠦᠷᠢᠨ ᠮᠡᠷᠬᠡᠵᠢᠯ ᠤᠨ ᠡᠮᠴᠢ ᠳᠤ ᠵᠢᠯ ᠪᠦᠷᠢ 7 ᠲᠦᠮᠡᠨ ᠲᠦᠬᠦᠷᠢᠭ᠌᠌ ᠤᠨ ᠨᠦᠬᠦᠪᠦᠷᠢ ᠤᠯᠭᠤᠨ᠎ᠠ
ᠤᠶᠢᠷ᠎ᠠ ᠳᠤ᠂ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠡᠴᠡ ᠤᠷᠤᠨ ᠲᠤᠭ᠎ᠠ ᠶᠢᠨ ᠠᠯᠪᠠᠨ᠂ ᠰᠠᠩᠬᠦᠦ ᠡᠳ᠋ ᠤᠨ ᠵᠠᠰᠠᠭ ᠤᠨ ᠲᠢᠩᠬᠢᠮ᠂ ᠪᠤᠯᠪᠠᠰᠤᠨ ᠬᠦᠴᠦᠨ ᠪᠤᠯᠤᠨ ᠨᠡᠶᠢᠬᠡᠮ ᠤᠨ ᠪᠠᠳᠤᠯᠠᠭᠠᠨ ᠤ ᠲᠢᠩᠬᠢᠮ ᠲᠠᠢ ᠬᠠᠮᠳᠤᠷᠠᠨ 《ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠪᠤᠶᠢᠳᠠ ᠪᠦᠭ᠍ᠯᠡᠬᠦᠦ ᠶᠠᠳᠠᠭᠤ ᠬᠦᠴᠢᠷᠳᠡᠯᠲᠡᠢ ᠭᠠᠵᠠᠷ ᠤᠷᠤᠨ ᠤ ᠤᠨᠴᠠᠭᠠᠢ ᠠᠵᠢᠯ ᠤᠨ ᠪᠠᠶᠢᠷᠢᠨ ᠳ᠋ᠡᠬᠢ ᠪᠦᠷᠢᠨ ᠮᠡᠷᠬᠡᠵᠢᠯ ᠤᠨ ᠡᠮᠴᠢ ᠶᠢᠨ ᠲᠦᠯᠦᠪᠯᠡᠬᠡᠨ ᠤ ᠠᠵᠢᠯ ᠦᠷᠨᠢᠬᠦᠯᠬᠦ ᠶᠢ ᠬᠡᠷᠡᠭᠵᠢᠬᠦᠯᠬᠦ ᠲᠦᠰᠦᠯ》 ᠭᠠᠷᠭᠠᠵᠤ᠂ 2019 ᠤᠨ ᠤ ᠦᠪᠦᠷ ᠮᠤᠩᠭ᠋ᠤᠯ ᠤᠨ ᠤᠯᠤᠰ ᠤᠨ ᠵᠡᠷᠬᠡᠯᠡᠯ ᠤᠨ ᠭᠤᠤᠯᠳᠠᠯᠭᠠᠳᠤ ᠶᠠᠳᠠᠭᠤ ᠶᠢ ᠲᠡᠳᠬᠦᠬᠦ 26 ᠬᠤᠰᠢᠭᠤ ᠰᠢᠶᠠᠨ ᠳᠤ ᠠᠩᠬᠠᠨ ᠤ ᠪᠦᠯᠦᠭ᠌᠌ ᠪᠦᠷᠢᠨ ᠮᠡᠷᠬᠡᠵᠢᠯ ᠤᠨ 119 ᠡᠮᠴᠢ ᠶᠢ ᠡᠯᠰᠡᠬᠦᠯᠵᠤ᠂ ᠵᠢᠯ ᠪᠦᠷᠢ 7 ᠲᠦᠮᠡᠨ ᠲᠦᠭᠦᠷᠢᠭ᠌᠌ ᠤᠨ ᠰᠠᠩᠬᠦᠦ ᠡᠳ᠋ ᠤᠨ ᠵᠠᠰᠠᠭ ᠤᠨ ᠨᠦᠬᠦᠪᠦᠷᠢ ᠤᠯᠭᠤᠨ᠎ᠠ ( ᠡᠬᠦᠨ ᠳᠤ ᠲᠦᠪ ᠤᠨ ᠰᠠᠩᠬᠦᠦ ᠡᠳ᠋ ᠤᠨ ᠵᠠᠰᠠᠭ ᠡᠴᠡ ᠬᠦᠮᠦᠨ ᠪᠦᠷᠢ ᠳᠤ ᠵᠢᠯ ᠪᠤᠯᠭᠠᠨ 5 ᠲᠦᠮᠡᠨ ᠲᠦᠭᠦᠷᠢᠭ᠌᠌᠂ ᠦᠪᠡᠷᠳᠡᠬᠡᠨ ᠵᠠᠰᠠᠬᠤ ᠤᠷᠤᠨ ᠤ ᠰᠠᠩᠬᠦᠦ ᠡᠳ᠋ ᠤᠨ ᠵᠠᠰᠠᠭ ᠡᠴᠡ ᠬᠦᠮᠦᠨ ᠪᠦᠷᠢ ᠳᠤ ᠵᠢᠯ ᠪᠤᠯᠭᠠᠨ 2 ᠲᠦᠮᠡᠨ ᠲᠦᠭᠦᠷᠢᠭ᠌᠌ ᠤᠨ ᠪᠠᠷᠢᠮᠵᠢᠶ ᠠ ᠪᠡᠷ ᠨᠦᠬᠦᠪᠦᠷᠢ ᠤᠯᠭᠤᠨ᠎ᠠ)᠂ ᠲᠦᠷᠪᠡᠨ ᠵᠢᠯ ᠲᠠᠷᠠᠭᠠᠯᠠᠨ ᠨᠦᠬᠦᠪᠦᠷᠢ ᠤᠯᠭᠤᠵᠤ ᠨᠢᠬᠡ ᠬᠦᠯᠦᠰᠦᠯᠡᠯᠳᠠ ᠬᠤᠭᠤᠴᠠᠭ᠎ᠠ ᠪᠡᠷ ᠪᠤᠳᠤᠨ᠎ᠠ ᠬᠡᠵᠤ ᠲᠤᠳᠤᠷᠬᠠᠶᠢᠯᠠᠪᠠ᠃
ᠦᠪᠦᠷ ᠮᠤᠩᠭ᠋ᠤᠯ ᠤᠨ ᠦᠪᠡᠳᠡᠬᠡᠨ ᠵᠠᠰᠠᠬᠤ ᠤᠷᠤᠨ ᠤ ᠠᠩᠬᠠᠨ ᠤ ᠪᠦᠯᠦᠭ᠌᠌ ᠤᠨᠴᠠᠭᠠᠢ ᠠᠵᠢᠯ ᠤᠨ ᠪᠠᠶᠢᠷᠢᠨ ᠳ᠋ᠡᠬᠢ ᠪᠦᠷᠢᠨ ᠮᠡᠷᠬᠡᠵᠢᠯ ᠤᠨ ᠡᠮᠴᠢ ᠡᠯᠰᠡᠬᠦ ᠠᠵᠢᠯ ᠢ 2019 ᠤᠨ ᠤ 6 ᠰᠠᠷ᠎ᠠ ᠶᠢᠨ ᠰᠡᠬᠦᠯᠴᠢ ᠪᠤᠯᠬᠤ ᠡᠴᠡ ᠡᠮᠦᠨ᠎ᠡ ᠲᠠᠭᠤᠰᠬᠠᠨ᠎ᠠ᠃
ᠢᠷᠡᠯᠳᠡ᠄ᠦᠪᠦᠷ ᠮᠣᠩᠭᠣᠯ ᠤᠨ ᠭᠢᠶᠠᠨ ᠰᠦᠯᠵᠢᠶ᠎ᠡ《ᠡᠷᠡᠬᠦᠯ ᠮᠡᠨᠳᠤ ᠶᠢᠨ ᠰᠤᠨᠢᠨ》ᠡᠴᠡ ᠰᠢᠯᠵᠢᠬᠦᠯᠤᠨ ᠪᠠᠭᠤᠯᠭᠠᠪᠠ᠃

内蒙古特岗全科医生每年补助7万元
近日,内蒙古自治区卫生健康委会同编办、财政厅、人力资源和社会保障厅出台《内蒙古自治区开展边远艰苦地区全科医生特设岗位计划工作实施方案》,明确2019年第一批计划在全区26个国家级重点扶贫开发旗县招聘特岗全科医生119人,按照7万元/年/人标准对实际到岗人员进行财政补助(其中中央财政按5万元/年/人,自治区财政按2万元/年/人标准进行补助),连续补助4年一个聘期。
该自治区第一批特岗全科医生招聘工作将于2019年6月底前完成。
来源:内蒙古启言网摘自《健康报》