ᠬᠦᠳᠡᠬᠡ ᠲᠤᠰᠬᠤᠨ ᠤ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ···农村贫困人口大病···

ᠬᠦᠳᠡᠬᠡ ᠲᠤᠰᠬᠤᠨ ᠤ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠬᠦᠨᠳᠤ ᠡᠪᠡᠳᠴᠢᠨ ᠢ ᠲᠤᠰᠬᠠᠢ ᠡᠮᠴᠢᠯᠡᠨ ᠡᠳᠡᠬᠡᠷᠡᠬᠦᠯᠬᠦ ᠡᠪᠡᠳᠴᠢᠨ ᠤ ᠲᠦᠷᠦᠯ ᠢ ᠦᠷᠭᠡᠳᠭᠡᠭᠡᠳ 25 ᠪᠤᠯᠭᠠᠪᠠ

ᠤᠯᠤᠰ ᠤᠨ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠡᠴᠡ ᠠᠷᠠᠳ ᠤᠨ ᠶᠠᠪᠤᠳᠠᠯ ᠤᠨ ᠶᠠᠮᠤᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠯᠪᠠᠨ ᠪᠤᠯᠤᠨ ᠤᠯᠤᠰ ᠤᠨ ᠡᠮᠨᠡᠯᠬᠡ ᠶᠢᠨ ᠲᠠᠭᠠᠳᠬᠠᠯ ᠤᠨ ᠲᠤᠪᠴᠢᠶ᠎ᠠ ᠲᠠᠢ ᠬᠠᠮᠳᠤᠷᠠᠨ ᠡᠮᠦᠨᠡᠬᠡᠨ ᠬᠦᠳᠡᠬᠡ ᠲᠤᠰᠬᠤᠨ ᠤ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠬᠦᠨᠳᠤ ᠡᠪᠡᠳᠴᠢᠨ ᠢ ᠲᠤᠰᠬᠠᠢ ᠡᠮᠴᠢᠯᠡᠨ ᠡᠳᠡᠬᠡᠷᠡᠬᠦᠯᠬᠦ ᠠᠵᠢᠯ ᠳᠤ ᠰᠢᠨ᠎ᠡ ᠪᠠᠶᠢᠷᠢᠭᠤᠯᠤᠯᠳᠠ ᠬᠢᠵᠤ᠂ ᠠᠪᠤᠷᠠᠨ ᠲᠤᠰᠠᠯᠠᠬᠤ ᠡᠪᠡᠳᠴᠢᠨ  ᠲᠦᠷᠦᠯ ᠢ ᠨᠡᠮᠡᠭᠳᠡᠭᠦᠯᠦᠭᠡᠳ 25 ᠪᠤᠯᠭᠠᠨ᠎ᠠ ᠬᠡᠵᠤ ᠲᠤᠷᠠᠳᠴᠠᠢ᠃ ᠰᠢᠨᠬᠤᠸᠠ ᠬᠤᠷᠢᠶ᠎ᠠ ᠪᠡᠭᠡᠵᠢᠩ ᠤᠨ 5 ᠰᠠᠷ᠎ᠠ ᠶᠢᠨ 14 ᠤ ᠡᠳᠤᠷ ᠤᠨ ᠴᠠᠬᠢᠯᠭᠠᠨ ᠮᠡᠳᠡᠬᠡ ( ᠰᠤᠷᠪᠤᠯᠵᠢᠯᠠᠭᠴᠢ ᠴᠢᠤᠢ ᠲ᠋ᠢᠩ) ᠤᠯᠤᠰ ᠤᠨ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠡᠴᠡ ᠠᠷᠠᠳ ᠤᠨ ᠶᠠᠪᠤᠳᠠᠯ ᠤᠨ ᠶᠠᠮᠤᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠯᠪᠠᠨ ᠪᠤᠯᠤᠨ ᠤᠯᠤᠰ ᠤᠨ ᠡᠮᠨᠡᠯᠬᠡ ᠶᠢᠨ ᠲᠠᠭᠠᠳᠬᠠᠯ ᠤᠨ ᠲᠤᠪᠴᠢᠶ᠎ᠠ ᠲᠠᠢ ᠬᠠᠮᠳᠤᠷᠠᠨ ᠡᠮᠦᠨᠡᠬᠡᠨ ᠬᠦᠳᠡᠬᠡ ᠲᠤᠰᠬᠤᠨ ᠤ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠬᠦᠨᠳᠤ ᠡᠪᠡᠳᠴᠢᠨ ᠢ ᠲᠤᠰᠬᠠᠢ ᠡᠮᠴᠢᠯᠡᠨ ᠡᠳᠡᠬᠡᠷᠡᠬᠦᠯᠬᠦ ᠠᠵᠢᠯ ᠳᠤ ᠰᠢᠨ᠎ᠡ ᠪᠠᠶᠢᠷᠢᠭᠤᠯᠤᠯᠳᠠ ᠬᠢᠵᠤ᠂ ᠠᠪᠤᠷᠠᠨ ᠲᠤᠰᠠᠯᠠᠬᠤ ᠡᠪᠡᠳᠴᠢᠨ  ᠲᠦᠷᠦᠯ ᠢ ᠨᠡᠮᠡᠭᠳᠡᠭᠦᠯᠦᠭᠡᠳ 25 ᠪᠤᠯᠭᠠᠨ᠎ᠠ ᠬᠡᠵᠤ ᠲᠤᠷᠠᠳᠴᠠᠢ᠃
  ᠡᠨᠡ 25 ᠲᠦᠷᠦᠯ ᠤᠨ ᠡᠪᠡᠳᠴᠢᠨ ᠳᠤ᠂ ᠬᠡᠦᠬᠡᠳ ᠤᠨ ᠲᠦᠷᠦᠯᠬᠢ ᠵᠢᠷᠦᠬᠡᠨ ᠤ ᠭᠠᠵᠢᠭ᠂ ᠬᠡᠦᠬᠡᠳ ᠤᠨ ᠴᠢᠰᠤ ᠴᠠᠶᠢᠬᠤ ᠡᠪᠡᠳᠴᠢᠨ᠂ ᠬᠤᠳᠤᠭᠠᠳᠤ ᠶᠢᠨ ᠦᠮᠠᠨ᠂ ᠤᠯᠠᠭᠠᠨ ᠬᠤᠭᠤᠯᠠᠢ ᠶᠢᠨ ᠦᠮᠠᠨ᠂ ᠬᠡᠳᠡᠰᠤᠨ ᠤ ᠦᠮᠠᠨ᠂ ᠬᠤᠰᠬᠢᠨᠠᠭ ᠤᠨ ᠦᠮᠠᠨ᠂ ᠪᠦᠬᠡᠷ᠎ᠡ ᠶᠢᠨ ᠡᠪᠡᠳᠴᠢᠨ᠂ ᠠᠭᠤᠰᠬᠢᠨ ᠤ ᠦᠮᠠᠨ᠂ ᠡᠯᠢᠬᠡᠨ ᠤ ᠦᠮᠠᠨ᠂ ᠬᠦᠬᠦᠨ ᠤ ᠦᠮᠠᠨ᠂ ᠰᠠᠪᠠᠨ ᠤ ᠬᠦᠵᠦᠬᠦᠨ ᠤ ᠦᠮᠠᠨ᠂ ᠵᠢᠷᠦᠬᠡᠨ ᠤ ᠴᠤᠴᠢᠮᠠᠭ ᠰᠢᠬᠢᠳᠦᠬᠡᠰᠤ᠂ ᠨᠢᠳᠤᠨ ᠤ ᠪᠤᠯᠤᠷ ᠴᠠᠶᠢᠬᠤ᠂ ᠬᠠᠷ᠎ᠠ ᠠᠭᠤᠰᠬᠢ᠂ ᠮᠡᠳᠡᠷᠡᠯ ᠪᠦᠲᠦᠬᠦ ᠡᠰ ᠤᠨ ᠬᠤᠤᠷᠳᠤ ᠬᠠᠪᠤᠳᠠᠷ᠂ ᠬᠡᠦᠬᠡᠳ ᠤᠨ ᠯᠢᠮᠪᠠ ᠶᠢᠨ ᠬᠤᠤᠷᠳᠤ ᠬᠠᠪᠤᠳᠠᠷ᠂ ᠶᠠᠰᠤ ᠮᠢᠬᠠᠨ ᠤ ᠬᠤᠤᠷᠳᠤ ᠬᠠᠪᠤᠳᠠᠷ᠂ ᠴᠢᠰᠤ ᠭᠤᠭᠤᠵᠢᠮᠠᠳᠠᠭᠠᠢ ᠡᠪᠡᠳᠴᠢᠨ᠂ ᠴᠢᠰᠤ ᠪᠠᠭᠠᠳᠠᠬᠤ᠂ ᠤᠷᠤᠭᠤᠯ ᠲᠠᠩᠨᠠᠢ ᠶᠢᠨ ᠰᠡᠳᠡᠷᠬᠡᠢ᠂ ᠰᠢᠬᠡᠰᠤᠨ ᠤ ᠰᠦᠪᠡ ᠶᠢᠨ ᠰᠡᠳᠡᠷᠬᠡᠢ᠂ ᠰᠦᠷᠢᠶ᠎ᠡ ᠡᠪᠡᠳᠴᠢᠨ᠂ ᠲᠠᠷᠢᠬᠢᠨ ᠳᠤ ᠴᠢᠰᠤ ᠬᠠᠷᠪᠤᠬᠤ᠂ ᠠᠭᠤᠰᠬᠢᠨ ᠤ ᠬᠡᠢ ᠬᠠᠪᠤᠩ ᠤᠨ ᠪᠦᠭ᠍ᠯᠡᠷᠡᠬᠦ ᠴᠢᠨᠠᠷᠲᠠᠢ ᠠᠷᠬᠠᠭ᠂ ᠳ᠋ᠤᠬᠤ ᠡᠪᠡᠳᠴᠢᠨ ᠳᠤ ᠨᠡᠷᠪᠡᠭ᠍ᠳᠡᠬᠦ ᠵᠡᠷᠬᠡ ᠪᠠᠭᠳᠠᠨ᠎ᠠ᠃ ᠡᠬᠦᠨ ᠳᠤ ᠰᠡᠬᠦᠯ ᠤᠨ ᠲᠦᠷᠪᠡ ᠨᠢ ᠦᠨᠦ ᠵᠢᠯ ᠰᠢᠨ᠎ᠡ ᠪᠡᠷ ᠨᠡᠮᠡᠭᠰᠡᠨ ᠡᠪᠡᠳᠴᠢᠨ ᠤ ᠲᠦᠷᠦᠯ ᠪᠤᠯᠤᠨ᠎ᠠ᠃
   ᠢᠷᠡᠯᠳᠡ᠄ᠦᠪᠦᠷ ᠮᠣᠩᠭᠣᠯ ᠤᠨ ᠭᠢᠶᠠᠨ ᠰᠦᠯᠵᠢᠶ᠎ᠡ《ᠲᠤᠮᠳᠠᠳᠤ ᠤᠯᠤᠰ ᠤᠨ ᠮᠤᠩᠭᠤᠯ ᠬᠡᠯᠡᠡ ᠶᠢᠨ ᠰᠤᠨᠢᠠ ᠮᠠᠳᠡᠭᠡ ᠶᠢᠨ ᠰᠦᠯᠵᠢᠶ᠎ᠠ 》ᠡᠴᠡ ᠰᠢᠯᠵᠢᠬᠦᠯᠤᠨ ᠪᠠᠭᠤᠯᠭᠠᠪᠠ᠃

农村贫困人口大病专项救治病种将扩大到25种

国家卫生健康委联合民政部、国务院扶贫办和国家医保局日前就农村贫困人口大病专项救治工作做出新部署,提出将救治病种扩大到25种。
  这25个病种包括:儿童先心病、儿童白血病、胃癌、食道癌、结肠癌、直肠癌、终末期肾病、肺癌、肝癌、乳腺癌、宫颈癌、急性心肌梗死、白内障、尘肺、神经母细胞瘤、儿童淋巴瘤、骨肉瘤、血友病、地中海贫血、唇腭裂、尿道下裂、耐多药结核病、脑卒中、慢性阻塞性肺气肿、艾滋病机会感染。其中,后四种为今年新增病种。
     来源:内蒙古启言网摘自《央广网》

 
 
 
Posted in ᠤᠷᠤᠨ ᠨᠤᠲᠤᠭ |农牧信息 and tagged .