《 ᠪᠤᠰᠤᠭ᠎ᠠ ᠮᠤᠩᠭᠤᠯ ᠦᠰᠦᠭ》 ᠤᠨ ᠨᠤᠮ ᠪᠢᠴᠢᠭ᠌ ᠤᠯᠠᠨ ᠤᠯᠤᠰ ᠤᠨ···竖着写的蒙古文走进了联合国总部

《 ᠪᠤᠰᠤᠭ᠎ᠠ ᠮᠤᠩᠭᠤᠯ ᠦᠰᠦᠭ》 ᠤᠨ ᠨᠤᠮ ᠪᠢᠴᠢᠭ᠌ ᠤᠯᠠᠨ ᠤᠯᠤᠰ ᠤᠨ ᠬᠤᠯᠪᠤᠭᠠᠳᠤ ᠪᠠᠢᠭᠤᠯᠭ᠎ᠠ ᠳ᠋ᠤ ᠲᠡᠯᠭᠡᠭᠳᠡᠯ᠎ᠠ

ᠤᠢᠷ᠎ᠠ ᠳᠤ ᠂ ᠠᠮᠧᠷᠢᠺᠠ ᠶᠢᠨ ᠨᠢᠦ ᠶᠤᠷᠺ ᠳᠤ ᠪᠠᠢᠷᠢᠯᠠᠭ᠎ᠠ ᠤᠯᠠᠨ ᠤᠯᠤᠰ ᠤᠨ ᠬᠤᠯᠪᠤᠭᠠᠳᠤ ᠪᠠᠢᠭᠤᠯᠭ᠎ᠠ ᠶᠢᠨ ᠶᠡᠷᠦᠩᠬᠡᠢ ᠭᠠᠵᠠᠷ ᠤᠨ ᠲᠤᠮᠤ ᠠᠰᠠᠷ ᠲᠤ 《ᠮᠤᠩᠭᠤᠯ ᠨᠤᠮ ᠪᠢᠴᠢᠭ᠌ ᠰᠤᠶᠤᠯ  ᠤᠨ ᠦᠪ —— ᠪᠤᠰᠤᠭ᠎ᠠ ᠮᠤᠩᠭᠤᠯ ᠦᠰᠦᠭ 》ᠤᠨ ᠦᠵᠡᠭᠦᠯᠭᠡ ᠡᠬᠢᠯᠡᠨ ᠶᠠᠪᠤᠭᠳᠠᠵᠤ ᠂ ᠪᠤᠰᠤᠭ᠎ᠠ ᠮᠤᠩᠭᠤᠯ ᠦᠰᠦᠭ ᠠᠩᠬ᠎ᠠ ᠤᠳᠠᠭ᠎ᠠ ᠤᠯᠠᠨ ᠤᠯᠤᠰ ᠤᠨ ᠬᠤᠯᠪᠤᠭᠠᠳᠤ ᠪᠠᠢᠭᠤᠯᠭ᠎ᠠ ᠳ᠋ᠤ ᠲᠡᠯᠭᠡᠭᠳᠡᠭᠰᠡᠨ ᠤᠨᠴᠠᠭᠠᠢ ᠤᠳᠬ᠎ᠠ ᠠᠭᠤᠯᠭ᠎ᠠ ᠲᠠᠢ ᠴᠠᠭ ᠮᠦᠴᠡ ᠶᠢ ᠲᠡᠮᠳᠡᠭᠯᠡᠯ᠎ᠠ ᠃

5 ᠡᠳᠦᠷ ᠶᠠᠪᠤᠭᠳᠠᠬᠤ ᠲᠤᠰ ᠦᠵᠡᠬᠦᠯᠬᠡ ᠶᠢᠨ ᠠᠩᠬᠠᠨ  ᠦ ᠡᠳᠦᠷ ᠲᠦ ᠂ ᠤᠯᠠᠨ ᠤᠯᠤᠰ  ᠤᠨ ᠬᠤᠯᠪᠤᠭᠠᠳᠤ ᠪᠠᠢᠭᠤᠯᠭ᠎ᠠ ᠶᠢᠨ ᠪᠦᠬᠦ ᠪᠦᠮᠪᠦᠷᠴᠡᠭ ᠦᠨ ᠲᠠᠮᠵᠢᠭᠤᠯᠭ᠎ᠠ ᠶᠢᠨ ᠶᠠᠪᠤᠳᠠᠯ ᠢ ᠭᠤᠤᠯᠯᠠᠨ ᠬᠠᠮᠢᠶᠠᠷᠬᠤ ᠲᠡᠳ᠋ ᠨᠠᠷᠢᠨ ᠪᠢᠴᠢᠭ ᠤᠨ ᠲᠠᠷᠤᠭ᠎ᠠ ᠠᠯᠢᠰᠠ ᠊ ᠰᠮᠧᠢᠷ ᠂ ᠤᠯᠠᠨ ᠤᠯᠤᠰ  ᠤᠨ ᠬᠤᠯᠪᠤᠭᠠᠳᠤ ᠪᠠᠢᠭᠤᠯᠭ᠎ᠠ ᠳ᠋ᠤ ᠪᠠᠢᠩᠭᠤ ᠰᠠᠭᠤᠭ᠎ᠠ 70 ᠭᠠᠷᠤᠢ ᠤᠯᠤᠰ ᠤᠨ ᠲᠦᠯᠦᠭᠡᠯᠡᠭᠴᠢ ᠵᠢᠴᠢ ᠲᠡᠯᠡᠭᠡᠢ ᠶᠢᠨ ᠮᠤᠩᠭᠤᠯ ᠰᠤᠳᠤᠯᠤᠯ ᠤᠨ 100 ᠭᠠᠷᠤᠢ ᠲᠤᠰᠬᠠᠢ ᠮᠡᠷᠭᠡᠵᠢᠯᠳᠡᠨ ᠲᠡᠢ ᠬᠠᠮᠳᠤ ᠦᠵᠡᠭᠦᠯᠭᠡ ᠶᠢ ᠰᠤᠨᠢᠷᠬᠠᠭᠰᠠᠨ  ᠦ ᠲᠠᠷᠠᠭ᠎ᠠ ᠦᠨᠳᠦᠷ ᠦᠨᠡᠯᠡᠯᠲᠡ ᠥᠭᠭᠦᠭᠰᠡᠨ ᠪᠠᠢᠨ᠎ᠠ ᠃

ᠲᠤᠰ ᠤᠳᠠᠭ᠎ᠠ ᠶᠢᠨ ᠦᠵᠡᠬᠦᠯᠬᠡ ᠶᠢ ᠪᠡᠶᠡᠴᠢᠯᠡᠨ ᠵᠤᠬᠢᠶᠠᠨ ᠪᠠᠢᠭᠤᠯᠤᠭᠰᠠᠨ ᠬᠦᠮᠦᠰ ᠦᠨ ᠨᠢᠭᠡ ᠪᠤᠯᠬᠤ ᠮᠤᠩᠭᠤᠯ ᠠᠵᠤ ᠠᠬᠤᠢᠯᠠᠯᠳᠠ ᠪᠠᠭᠠᠳᠤᠷ ᠤᠯᠠᠨ ᠤᠯᠤᠰ ᠤᠨ ᠬᠤᠯᠪᠤᠭᠠᠳᠤ ᠪᠠᠢᠭᠤᠯᠭ᠎ᠠ ᠶᠢᠨ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠰᠤᠶᠤᠯ ᠤᠨ ᠵᠤᠬᠢᠶᠠᠨ ᠪᠠᠢᠭᠤᠯᠤᠯᠳᠠ ᠶᠢᠨ ᠨᠡᠢᠳᠡᠯᠡᠭᠰᠡᠨ 《ᠪᠦᠬᠦ ᠪᠦᠮᠪᠦᠷᠴᠡᠭ ᠦᠨ ᠤᠰᠠᠳᠬᠤ ᠰᠢᠬᠠᠭᠰᠠᠨ ᠬᠡᠯᠡᠨ ᠦ ᠭᠠᠵᠠᠷ ᠤᠨ ᠵᠢᠷᠤᠭ 》 ᠲᠡᠭᠡᠷ᠎ᠠ ᠡᠴᠠ ᠪᠦᠬᠦ ᠪᠦᠮᠪᠦᠷᠴᠡᠭ ᠦᠨ 199 ᠲᠦᠷᠦᠯ ᠦᠨ ᠬᠡᠯᠡᠨ ᠦ ᠠᠬᠤᠢ ᠪᠠᠢᠳᠠᠯ ᠪᠠᠴᠢᠮ ᠪᠠᠢᠳᠠᠯ ᠳ᠋ᠤ ᠤᠷᠤᠰᠢᠵᠤ ᠂ ᠡᠭᠦᠨ ᠦ ᠲᠤᠳᠤᠷ᠎ᠠ 18 ᠲᠦᠷᠦᠯ ᠦᠨ ᠬᠡᠯᠡ 《ᠤᠰᠠᠳᠬᠤ ᠰᠢᠬᠠᠭᠰᠠᠨ ᠬᠡᠯᠡ 》ᠪᠠᠷ ᠵᠢᠭᠰᠠᠭᠠᠭᠳᠠᠭᠰᠠᠨ  ᠢ ᠤᠯᠵᠤ ᠬᠠᠷᠠᠵᠠᠢ ᠂ ᠡᠭᠦᠨ ᠦ ᠲᠤᠳᠤᠷ᠎ᠠ ᠪᠤᠰᠤᠭ᠎ᠠ ᠮᠤᠩᠭᠤᠯ ᠦᠰᠦᠭ ᠵᠢᠭᠰᠠᠭᠠᠭᠳᠠᠭᠰᠠᠨ ᠨᠢ ᠲᠡᠭᠦᠨ  ᠦ ᠰᠡᠳᠭᠢᠯ  ᠢ ᠰᠢᠮᠰᠢᠷᠡᠭᠦᠯᠦᠨ ᠵᠤᠪᠠᠭᠠᠭᠰᠠᠨ ᠪᠠᠢᠨ᠎ᠠ ᠃ ᠡᠢᠨ ᠭᠦ ᠲᠡᠷᠡ ᠲᠤᠰ ᠤᠳᠠᠭ᠎ᠠ ᠶᠢᠨ ᠦᠵᠡᠬᠦᠯᠬᠡ ᠶᠢ ᠡᠷᠬᠢᠯᠡᠬᠦ ᠪᠡᠷ ᠲᠠᠮᠵᠢᠨ ᠮᠤᠩᠭᠤᠯ ᠬᠡᠯᠡ ᠪᠢᠴᠢᠭ᠌ ᠤᠨ ᠡᠴᠢᠨ᠎ᠠ ᠨᠢᠭᠤᠴᠠᠬᠠᠢ ᠡᠷᠬᠢᠮᠰᠦᠭ ᠭᠤᠸ᠎ᠠ  ᠶᠢ ᠲᠠᠯᠡᠭᠡᠢ ᠳ᠋ᠠᠬᠢᠨ ᠳ᠋ᠤ ᠲᠠᠨᠢᠭᠤᠯᠬᠤ ᠶᠢᠨ ᠬᠠᠮᠳᠤ ᠤᠯᠠᠮᠵᠢᠯᠠᠯᠳᠤ ᠪᠤᠰᠤᠭ᠎ᠠ ᠮᠤᠩᠭᠤᠯ ᠦᠰᠦᠭ ᠢ ᠬᠠᠮᠠᠭᠠᠯᠠᠬᠤ ᠪᠠ ᠤᠯᠠᠮᠵᠢᠯᠠᠨ ᠲᠡᠯᠭᠡᠷᠡᠭᠦᠯᠬᠦ ᠲᠠᠨᠢᠯᠳᠠ  ᠶᠢ ᠲᠡᠯᠡᠭᠡᠢ ᠶᠢᠨ ᠬᠡᠪᠴᠢᠶᠡᠨ᠎ᠠ ᠭᠦᠨᠵᠡᠭᠡᠢᠷᠡᠭᠦᠯᠬᠦ ᠶᠢ ᠵᠤᠷᠢᠵᠠᠢ ᠃

ᠢᠷᠡᠯᠲᠡ᠄ ᠥᠪᠦᠷ ᠮᠣᠩᠭᠤᠯ ᠤᠨ ᠡᠳᠦᠷ ᠦᠨ ᠰᠣᠨᠢᠨ ᠡᠴᠡ ᠪᠠᠭᠤᠯᠭᠠᠪᠠ

竖着写的蒙古文走进了联合国总部

2019年5月14日(北京时间),位于美国纽约的联合国总部大楼迎来了一场别开生面的特殊展览。一群来自世界另一端的文明传承者,在这里举行了一场盛大庄重的“蒙古文图书文化遗产——竖写蒙古文”展览。
本次展览为期5天(北京时间5月14日至5月18日),是迄今为止竖写蒙古文第一次走进联合国大厦。展览开幕当天联合国主管全球传播事务副秘书长阿里萨·斯梅尔女士,70余个国家常驻联合国代表及印第安纳大学蒙古学研究专家等百余名国际著名人士出席开幕式并参观展览,并在观展后对本次展览做出高度的评价。
此次展览是由中国内蒙古自治区著名企业家巴特尔先生筹办。作为一个蒙古人,巴特尔先生无意中看到联合国教科文组织曾发布一个“全球濒危语言地图”,该地图指出全球有199种语言处境告急,其中有18种语言被列为“极度濒危语言”。竖写传统蒙古文字赫然在列,已经到了灭绝的临界点状态。巴特尔先生举办此次展览的目的既是展示竖写蒙古文的瑰丽神奇,更是希望通过自己的努力在全世界范围内唤起保护和传承竖写蒙古文的意识。让更多的人参与续写竖写蒙古文的不朽篇章的队伍当中来。

Posted in ᠲᠠᠨ ᠤ ᠠᠩᠬᠠᠷᠤᠯ ᠳ᠋ᠤ|热点信息 and tagged .