22 ᠮᠤᠵᠢ ᠨᠢ ᠵᠠᠯᠠᠭᠤ ᠪᠠᠭᠠᠴᠤᠳ ᠤᠨ ᠤᠶᠢᠷ᠎ᠠ ᠬᠠᠷᠠᠭ᠎ᠠ ᠵᠢ···22个省份首签青少年···

22 ᠮᠤᠵᠢ ᠨᠢ ᠵᠠᠯᠠᠭᠤ ᠪᠠᠭᠠᠴᠤᠳ ᠤᠨ ᠤᠶᠢᠷ᠎ᠠ ᠬᠠᠷᠠᠭ᠎ᠠ ᠵᠢ ᠰᠡᠷᠭᠡᠶᠢᠯᠡᠬᠦ ᠬᠠᠷᠢᠭᠤᠴᠠᠯᠭ᠎ᠠ ᠶᠢᠨ ᠪᠢᠴᠢᠭ᠌ ᠲᠤ ᠭᠠᠷ ᠤᠨ ᠦᠰᠦᠭ ᠵᠢᠷᠤᠪᠠ

ᠲᠦᠷᠦᠭᠦᠬᠡᠨ ᠰᠤᠷᠭᠠᠨ ᠬᠦᠮᠦᠵᠢᠯ ᠤᠨ ᠶᠠᠮᠤᠨ᠂ ᠤᠯᠤᠰ ᠤᠨ ᠡᠷᠡᠭᠦᠯ ᠮᠡᠨᠳᠤ ᠡᠷᠡᠭᠦᠯ ᠡᠩᠬᠡ ᠶᠢᠨ ᠵᠦᠪᠯᠡᠯ ᠬᠢᠭᠡᠳ 22 ᠮᠤᠵᠢ ᠶᠢᠨ ᠠᠷᠠᠳ ᠤᠨ ᠵᠠᠰᠠᠬ ᠤᠨ ᠤᠷᠳᠤᠨ 《ᠬᠡᠦᠬᠡᠳ ᠪᠠᠭᠠᠴᠤᠳ ᠵᠠᠯᠠᠭᠤᠴᠤᠳ ᠤᠨ ᠤᠶᠢᠷ᠎ᠠ ᠬᠠᠷᠠᠭ᠎ᠠ ᠵᠢ ᠰᠡᠷᠭᠡᠶᠢᠯᠡᠬᠦ ᠠᠵᠢᠯ ᠢ ᠪᠦᠬᠦ ᠲᠠᠯ᠎ᠠ ᠪᠡᠷ ᠴᠢᠩᠭᠠᠷᠠᠭᠤᠯᠬᠤ ᠬᠠᠷᠢᠭᠤᠴᠠᠯᠭ᠎ᠠ ᠶᠢᠨ ᠪᠢᠴᠢᠭ᠌》 ᠲᠤ ᠭᠠᠷ ᠤᠨ ᠦᠰᠦᠭ ᠵᠢᠷᠤᠪᠠ᠃ ᠬᠠᠷᠢᠭᠤᠴᠠᠯᠭ᠎ᠠ ᠶᠢᠨ ᠪᠢᠴᠢᠭ᠌ ᠲᠤ ᠳᠤᠷᠠᠳᠤᠬᠰᠠᠨ ᠨᠢ᠂ ᠮᠤᠵᠢ ᠶᠢᠨ ᠳᠡᠰ ᠤᠨ ᠠᠷᠠᠳ ᠤᠨ ᠵᠠᠰᠠᠬ ᠤᠨ ᠤᠷᠳᠤᠨ 2019 ᠤᠨ ᠡᠴᠡ 2023 ᠤᠨ ᠪᠤᠯᠲᠠᠯ᠎ᠠ ᠲᠤᠰ ᠮᠤᠵᠢ ᠶᠢᠨ 2018 ᠤᠨ ᠤ ᠬᠡᠦᠬᠡᠳ ᠪᠠᠭᠠᠴᠤᠳ ᠵᠠᠯᠠᠭᠤᠴᠤᠳ ᠤᠨ ᠤᠶᠢᠷ᠎ᠡ ᠬᠠᠷᠠᠭᠠᠨ ᠤ ᠶᠡᠷᠦᠩᠬᠡᠢ ᠨᠤᠷᠮ᠎ᠠ ᠶᠢᠨ ᠰᠠᠭᠤᠷᠢᠨ ᠳᠡᠭᠡᠷ᠎ᠡ ᠵᠢᠯ ᠪᠦᠷᠢ 0.5 ᠬᠤᠪᠢ ᠡᠴᠡ ᠢᠯᠡᠭᠦᠦ ᠪᠠᠭᠤᠷᠠᠭᠤᠯᠵᠦ᠂ ᠤᠶᠢᠷ᠎ᠠ ᠬᠠᠷᠠᠭᠠᠨ ᠤ ᠬᠡᠮᠵᠢᠶ᠎ᠡ ᠨᠢ ᠶᠡᠷᠦᠩᠬᠡᠢ ᠲᠦᠪᠰᠢᠨ ᠡᠴᠡ ᠦᠨᠳᠦᠷ ᠪᠠᠶᠢᠭ᠎ᠠ ᠮᠤᠵᠢ ᠶᠢᠨ ᠬᠢᠨ 1 ᠬᠤᠪᠢ ᠡᠴᠡ ᠢᠯᠡᠭᠦᠦ ᠪᠠᠭᠤᠷᠠᠭᠤᠯᠬᠤ ᠪᠡᠷ ᠴᠢᠷᠮᠠᠶᠢᠨ᠎ᠠ᠃
   ᠬᠠᠷᠢᠭᠤᠴᠠᠯᠭ᠎ᠠ ᠶᠢᠨ ᠪᠢᠴᠢᠭ᠌ ᠲᠤ ᠪᠠᠰᠠ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠡᠳᠦ ᠬᠦᠨᠳᠦ ᠰᠤᠷᠤᠯᠭ᠎ᠠ ᠶᠢᠨ ᠳᠠᠷᠤᠭᠠᠰᠤ ᠵᠢ ᠬᠦᠩᠭᠡᠯᠡᠵᠦ᠂ ᠪᠡᠶ᠎ᠡ ᠶᠢᠨ ᠲᠠᠮᠢᠷ ᠤᠨ ᠲᠠᠰᠬᠠᠯᠵᠢᠯ ᠪᠤᠯᠤᠨ ᠬᠡᠭᠡᠷ᠎ᠡ ᠭᠠᠳᠠᠨᠠᠬᠢ ᠬᠦᠳᠡᠯᠭᠡᠭᠡᠨ ᠤ ᠴᠠᠬ ᠢ ᠪᠠᠲᠤᠯᠠᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠬᠢᠴᠢᠶᠡᠯᠯᠡᠬᠦ ᠡᠳᠦᠷ ᠤᠳ ᠲᠤ ᠡᠳᠦᠷ ᠪᠦᠷᠢ ᠪᠡᠶ᠎ᠡ ᠶᠢᠨ ᠲᠠᠮᠢᠷ ᠤᠨ ᠬᠦᠳᠡᠯᠭᠡᠭᠡᠨ ᠳᠤ 1 ᠴᠠᠬ ᠡᠴᠡ ᠢᠯᠡᠭᠦᠦ ᠤᠷᠤᠯᠴᠠᠬᠤ ᠵᠢ ᠪᠠᠲᠤᠯᠠᠬᠤ ᠬᠡᠷᠡᠭᠲᠡᠢ ᠭᠡᠵᠡᠢ᠃
   ᠢᠷᠡᠯᠳᠡ᠄ᠦᠪᠦᠷ ᠮᠣᠩᠭᠣᠯ ᠤᠨ ᠭᠢᠶᠠᠨ ᠰᠦᠯᠵᠢᠶ᠎ᠡ《ᠠᠷᠠᠳ ᠤᠨ ᠰᠦᠯᠵᠢᠶ᠎ᠡ 》ᠡᠴᠡ ᠰᠢᠯᠵᠢᠬᠦᠯᠤᠨ ᠪᠠᠭᠤᠯᠭᠠᠪᠠ᠃

22省份签青少年近视防控责任书

近日,教育部、国家卫生健康委与首批22个省级人民政府签订《全面加强儿童青少年近视防控工作责任书》。责任书提出,省级人民政府从2019年起到2023年,在本省份2018年儿童青少年总体近视率的基础上,力争儿童青少年总体近视率每年下降0.5%以上,近视率高于全国总体平均水平的省份每年下降1%以上。
  责任书要求切实落实中小学、幼儿园减轻过重学业负担,保障体育锻炼和户外活动时间,确保中小学生在校时每天1小时以上体育活动时间。
    来源:内蒙古启言网摘自《人民日报》

Posted in ᠰᠤᠷᠭᠠᠨ ᠬᠦᠮᠦᠵᠢᠯ |教育信息.