ᠲᠠᠯ᠎ᠠ ᠨᠤᠲᠤᠭ ᠤᠨ ᠲᠠᠭᠤᠤ ᠬᠦᠭᠵᠢᠮ ᠠᠮᠲᠠᠲᠤ ᠢᠳᠡᠭᠡᠨ ᠦ ᠨᠠᠶᠢᠷ ᠠᠮᠵᠢᠯᠲᠠ ᠲᠠᠢ ᠡᠬᠢᠯᠡᠪᠡ 青城草原音乐美食季在 呼和浩特开场

ᠲᠠᠯ᠎ᠠ ᠨᠤᠲᠤᠭ ᠤᠨ ᠲᠠᠭᠤᠤ ᠬᠦᠭᠵᠢᠮ ᠠᠮᠲᠠᠲᠤ ᠢᠳᠡᠭᠡᠨ ᠦ ᠨᠠᠶᠢᠷ ᠠᠮᠵᠢᠯᠲᠠ ᠲᠠᠢ ᠡᠬᠢᠯᠡᠪᠡ

ᠣᠷᠴᠢᠮ ᠠᠩᠬᠠᠳᠤᠭᠠᠷ ᠬᠤᠭᠤᠴᠠᠭᠠᠨ ᠤ 《ᠲᠠᠯ᠎ᠠ ᠨᠤᠲᠤᠭ ᠤᠨ ᠲᠠᠭᠤᠤ ᠬᠦᠭᠵᠢᠮ ᠠᠮᠲᠠᠲᠤ ᠢᠳᠡᠭᠡᠨ ᠦ ᠨᠠᠶᠢᠷ 》 ᠤᠨ ᠡᠬᠢᠯᠡᠯᠲᠡ ᠶᠢᠨ ᠶᠣᠰᠤᠯᠠᠯ ᠬᠦᠬᠡᠬᠤᠲᠠ ᠶᠢᠨ ᠢᠦᠢᠴᠢᠤᠧᠠᠨ ᠲᠣᠭᠤᠷᠢᠭ ᠤᠨ ᠶᠡᠭᠡ ᠵᠤᠤ ᠰᠦᠮ᠎ᠡ ᠶᠢᠨ ᠠᠭᠤᠳᠠᠮ ᠲᠠᠯᠠᠪᠠᠢ ᠳ᠋ᠤ ᠨᠢᠵᠢᠭᠢᠷ ᠪᠣᠯᠵᠤ ᠦᠩᠭᠡᠷᠡᠯ᠎ᠡ ᠃

ᠲᠣᠰ ᠤᠳᠠᠭᠠᠨ ᠤ ᠨᠠᠶᠢᠷ ᠨᠢ ᠦᠪᠦᠷ ᠮᠣᠩᠭᠤᠯ ᠤᠨ ᠲᠠᠭᠤᠤ ᠬᠦᠭᠵᠢᠮ ᠂ ᠦᠪᠦᠷ ᠮᠣᠩᠭᠤᠯ ᠤᠨ ᠦᠨᠦᠷ ᠠᠮᠲᠠ ᠂ ᠦᠪᠦᠷ ᠮᠣᠩᠭᠤᠯ ᠤᠨ ᠰᠠᠶᠢᠨ ᠪᠠᠷᠠᠭ᠎ᠠ ᠵᠡᠷᠭᠡ ᠭᠤᠷᠪᠠᠨ ᠭᠤᠣᠯ ᠰᠡᠳᠦᠪ ᠦᠨ ᠲᠣᠭᠤᠷᠢᠨ ᠳ᠋ᠤ ᠶᠠᠪᠤᠭᠳᠠᠬᠤ ᠶᠢᠨ ᠲᠠᠭᠠᠤ ᠦᠪᠦᠷ ᠮᠣᠩᠭᠤᠯ ᠤᠨ ᠦᠵᠡᠮᠵᠢ ᠶᠢᠨ ᠣᠷᠤᠨ ᠂ ᠦᠪᠦᠷ ᠮᠣᠩᠭᠤᠯ ᠤᠨ ᠡᠷᠡᠭᠦᠯ ᠮᠡᠨᠳᠦ ᠂ ᠦᠪᠦᠷ ᠮᠣᠩᠭᠤᠯ ᠤᠨ ᠪᠣᠳᠠᠰ ᠤᠨ ᠪᠣᠰᠤ ᠰᠣᠶᠤᠯ ᠂ ᠦᠪᠦᠷ ᠮᠣᠩᠭᠤᠯ ᠤᠨ ᠦᠯᠢᠭᠡᠷ ᠵᠡᠷᠭᠡ ᠠᠵᠢᠯᠯᠠᠭ᠎ᠠ ᠶᠢ ᠬᠠᠮᠲᠤᠷᠠᠭᠤᠯᠤᠨ ᠂ ᠵᠢᠭᠤᠯᠴᠢᠯᠠᠯ ᠤᠨ ᠲᠤᠭᠤᠷᠢᠭ ᠪᠣᠶᠤ ᠰᠦᠨᠢ ᠶᠢᠨ ᠰᠡᠯᠡᠭᠦᠴᠡᠯ ᠦᠨ ᠲᠣᠭᠤᠷᠢᠭ ᠤᠨ ᠣᠯᠠᠨ ᠴᠡᠭ ᠲᠦ ᠲᠣᠭᠯᠠᠯᠲᠠ ᠭᠠᠷᠭᠠᠭᠰᠠᠨ ᠢᠶᠠᠷ ᠤᠯᠠᠭᠠᠨᠮᠦᠴᠢᠷ ᠤᠨ ᠠᠪᠢᠶᠠᠰᠲᠤ ᠤᠷᠠᠯᠢᠭᠴᠢᠳ᠂ ᠡᠯ᠎ᠡ ᠭᠠᠵᠠᠷ ᠤᠨ ᠠᠮᠲᠠᠲᠤ ᠬᠤᠭᠤᠯᠠ ᠪᠠ ᠲᠣᠭᠤᠭᠠᠴᠢᠳ ᠢ ᠣᠯᠠᠨ ᠲᠦᠮᠡᠨ ᠦ ᠳᠤᠮᠳᠠ ᠠᠪᠴᠢᠷᠠᠨ ᠂ ᠦᠪᠦᠷ ᠮᠣᠩᠭᠤᠯ ᠤᠨ ᠴᠢᠨᠠᠷᠯᠢᠭ ᠪᠠᠷᠠᠭ᠎ᠠ ᠪᠠᠨ ᠵᠢᠭᠤᠯᠴᠢᠯᠠᠭᠴᠢᠳ ᠲᠤ ᠰᠢᠭᠤᠳ ᠪᠣᠷᠤᠯᠠᠭᠤᠯᠵᠤ ᠂ ᠰᠦᠨᠢ ᠶᠢᠨ ᠵᠠᠬ᠎ᠠ ᠳ᠋ᠤ ᠡᠷᠡᠭᠦᠯ ᠮᠡᠨᠳᠦ ᠪᠠ ᠪᠠᠴᠢᠮ ᠠᠪᠤᠷᠠᠯᠲᠠ ᠶᠢᠨ ᠮᠡᠳᠡᠯᠭᠡ ᠶᠢ ᠤᠯᠠᠮᠵᠢᠯᠠᠨ ᠂ ᠪᠣᠳᠠᠰ ᠤᠨ ᠪᠣᠰᠤ ᠰᠣᠶᠤᠯ ᠤᠨ ᠥᠪ ᠂ ᠰᠣᠶᠤᠯ ᠵᠢᠭᠤᠯᠴᠢᠯᠠᠯ ᠤᠨ ᠪᠦᠲᠦᠭᠡᠭᠲᠡᠬᠦᠨ ᠵᠡᠷᠭᠡ ᠶᠢ ᠰᠦᠨᠢ ᠶᠢᠨ ᠵᠠᠬ᠎ᠠ ᠳ᠋ᠤ ᠨᠡᠪᠲᠡᠷᠡᠭᠦᠯᠦᠭᠰᠡᠨ ᠨᠢ ᠣᠯᠠᠨ ᠲᠦᠮᠡᠨ ᠦ ᠰᠣᠶᠤᠯ ᠤᠨ ᠠᠮᠢᠳᠤᠷᠠᠯ ᠢ ᠪᠠᠶᠠᠯᠢᠭᠵᠢᠭᠤᠯᠬᠤ ᠪᠠᠷ ᠪᠠᠷᠠᠬᠤ ᠦᠭᠡᠢ ᠲᠣᠬᠠᠢ ᠶᠢᠨ ᠭᠠᠵᠠᠷ ᠤᠨ ᠬᠡᠷᠡᠭᠯᠡᠭᠡ ᠶᠢ ᠨᠡᠮᠡᠭᠳᠡᠭᠦᠯᠦᠨ ᠂ ᠠᠵᠤ ᠠᠬᠤᠢ ᠨᠡᠶᠢᠭᠡᠮ ᠦᠨ ᠬᠦᠭᠵᠢᠯᠲᠡ ᠳ᠋ᠤ ᠬᠦᠴᠦᠨ ᠨᠡᠮᠡᠷᠢᠯᠡᠬᠦ ᠶᠤᠮ ᠃

ᠢᠷᠡᠯᠲᠡ᠄ ᠦᠪᠦᠷ ᠮᠣᠩᠭᠣᠯ ᠤᠨ ᠡᠳᠦᠷ ᠦᠨ ᠰᠣᠨᠢᠨ

青城草原音乐美食季在 呼和浩特开场

近日,2020年青城草原音乐美食季在呼和浩特市大召广场开场。
  
据悉,本次活动持续至10月8日,期间每天将在一个景区或一个夜市文化片区,同步推出各种主题活动、多点呈现,通过各类活动开展,让草原音乐“火”起来,走向全国、走向世界;让市民百姓品尝和知晓内蒙古各地的品牌美食;让广大游客购买到货真价实的内蒙古好货;让健康和急救知识走进寻常百姓家;让非遗文化、文创旅游产品带火夜市经济文化……丰富群众的文化生活,也拉动当地经济消费,助推经济社会发展。

Posted in ᠲᠠᠨᠭᠰᠤᠭ ᠢᠳᠡᠭᠡᠨ |味蕾美食.