ᠶᠠᠮᠠᠷ ᠬᠦᠮᠦᠰ ᠲᠦ ᠸᠠᠺᠼᠢᠨ ᠲᠠᠷᠢᠵᠦ ᠪᠤᠯᠬᠤ ᠪᠤᠢ ··· 权威部门回应新冠病毒疫苗怎么打 到哪去打?
ᠶᠠᠮᠠᠷ ᠬᠦᠮᠦᠰ ᠲᠦ ᠸᠠᠺᠼᠢᠨ ᠲᠠᠷᠢᠵᠦ ᠪᠤᠯᠬᠤ ᠪᠤᠢ︖ ᠬᠠᠮᠢᠭ᠎ᠠ ᠤᠴᠢᠵᠦ ᠲᠠᠷᠢᠭᠤᠯᠬᠤ ᠪᠤᠢ︖
ᠶᠠᠮᠠᠷ ᠬᠦᠮᠦᠰ ᠲᠦ ᠰᠢᠨ᠎ᠡ ᠲᠢᠳᠢᠮᠯᠢᠭ ᠠᠭᠤᠰᠬᠢᠨ ᠦᠷᠪᠢᠰᠦᠯ ᠦᠨ ᠸᠠᠺᠼᠢᠨ ᠲᠠᠷᠢᠵᠦ ᠪᠤᠯᠬᠤ ᠪᠤᠢ ︖
《ᠡᠪᠤᠯ ᠬᠠᠪᠤᠷ ᠤᠨ ᠤᠯᠠᠷᠢᠯ ᠬᠦᠷᠴᠦ ᠢᠷᠡᠬᠦ ᠲᠠᠰᠢᠷᠠᠮ ᠢᠶᠠᠷ ᠂ ᠬᠡᠰᠡᠭ ᠭᠤᠤᠯᠳᠠᠯᠭ᠎ᠠ ᠲᠠᠢ ᠬᠦᠮᠦᠰ ᠲᠦ ᠰᠢᠨ᠎ᠡ ᠲᠢᠳᠢᠮᠯᠢᠭ ᠠᠭᠤᠰᠬᠢᠨ ᠦᠷᠪᠢᠰᠦᠯ ᠦᠨ ᠸᠠᠺᠼᠢᠨ ᠢ ᠲᠠᠷᠢᠬᠤ ᠠᠵᠢᠯ ᠢ ᠦᠷᠨᠢᠬᠦᠯᠦᠨ᠎ᠠ 》 ᠬᠡᠵᠦ ᠳᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠬᠡᠢᠯᠡᠵᠦ ᠬᠤᠯᠪᠤᠭᠠᠯᠠᠨ ᠡᠵᠡᠮᠳᠡᠬᠦ ᠳᠤᠭᠳᠠᠴᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠤᠭᠤᠮᠳᠠ ᠰᠢᠪᠳᠤᠯᠬᠤ ᠳᠤᠭᠤᠢᠯᠠᠩ ᠤᠨ ᠸᠠᠺᠼᠢᠨ ᠰᠤᠳᠤᠯᠤᠨ ᠦᠢᠯᠡᠳᠬᠦ ᠳᠤᠰᠬᠠᠢ ᠠᠩᠬᠢ ᠶᠢᠨ ᠬᠠᠷᠢᠭᠤᠴᠠᠯᠭᠠᠳᠠᠨ ᠂ ᠤᠯᠤᠰ ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠦᠨ ᠲᠡᠳ᠋ ᠡᠷᠬᠢᠯᠡᠭᠴᠢ ᠼᠧᠩ ᠢ ᠰᠢᠨ ᠬᠡᠯᠡᠬᠦ ᠶᠢᠨ ᠬᠠᠮᠳᠤ ᠂ ᠲᠠᠷᠠᠭᠠᠴᠢ ᠶᠢᠨ ᠠᠯᠬᠤᠮ ᠳ᠋ᠤ ᠬᠠᠯᠳᠠᠪᠤᠷᠢᠯᠠᠭᠳᠠᠬᠤ ᠠᠶᠤᠯ ᠶᠡᠬᠡᠳᠡᠢ ᠬᠦᠮᠦᠰ ᠲᠦ 《ᠲᠠᠷᠢᠪᠠᠯ ᠵᠤᠬᠢᠬᠤ ᠬᠦᠮᠦᠰ ᠲᠦ ᠪᠦᠷ ᠲᠠᠷᠢᠬᠤ 》 ᠠᠵᠢᠯ ᠢ ᠠᠯᠢ ᠴᠢᠳᠠᠬᠤ ᠪᠠᠷ ᠬᠦᠢᠴᠡᠳ ᠬᠢᠵᠦ ᠂ ᠨᠦᠬᠦᠴᠡᠯ ᠳ᠋ᠤ ᠨᠡᠢᠴᠡᠭᠰᠡᠨ ᠬᠦᠮᠦᠨ ᠪᠦᠬᠦᠨ ᠳ᠋ᠤ ᠴᠠᠬ ᠳᠤᠬᠠᠢ ᠳ᠋ᠤᠨᠢ ᠪᠦᠷ ᠲᠠᠷᠢᠯᠭ᠎ᠠ ᠲᠠᠷᠢᠨ᠎ᠠ ᠬᠡᠵᠦ ᠢᠯᠡᠳᠬᠡᠪᠡ ᠃
ᠤᠯᠤᠰ ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠦᠨ ᠡᠪᠡᠳᠴᠢᠨ ᠡᠮᠬᠡᠭ ᠢ ᠰᠡᠷᠬᠡᠢᠯᠡᠨ ᠡᠵᠡᠮᠳᠡᠬᠦ ᠳᠤᠪᠴᠢᠶᠠᠨ ᠤ ᠬᠠᠷᠢᠭᠤᠴᠠᠯᠭᠠᠳᠠᠨ ᠼᠦᠢ ᠭᠠᠩ ᠂ ᠤᠳᠤᠬᠠᠨ ᠳ᠋ᠤ ᠸᠠᠺᠼᠢᠨ ᠲᠠᠷᠢᠬᠤ ᠠᠷᠭ᠎ᠠ ᠪᠤᠳᠤᠯᠭ᠎ᠠ ᠭᠡᠪᠡᠯ 《ᠬᠤᠶᠠᠷ ᠠᠯᠬᠤᠮ ᠢᠶᠠᠷ ᠶᠠᠪᠤᠬᠤ 》 ᠳᠦᠰᠦᠯ ᠢ ᠬᠡᠷᠡᠭᠵᠢᠭᠦᠯᠤᠨ᠎ᠡ ᠄ ᠨᠢᠬᠡᠳᠦᠬᠡᠷ ᠠᠯᠬᠤᠮ ᠳ᠋ᠤ ᠂ ᠭᠤᠤᠯᠳᠠᠭᠤ ᠬᠡᠰᠡᠭ ᠭᠤᠤᠯᠳᠠᠯᠭ᠎ᠠ ᠲᠠᠢ ᠬᠦᠮᠦᠰ ᠲᠦ ᠴᠢᠭᠯᠡᠬᠦᠯᠦᠨ᠎ᠠ ᠂ ᠡᠬᠦᠨ ᠳ᠋ᠤ ᠭᠠᠳᠠᠨ᠎ᠠ ᠡᠴᠠ ᠤᠷᠤᠭᠤᠯᠬᠤ ᠬᠦᠢᠳᠡᠨ ᠢᠶᠡᠷ ᠵᠦᠭᠡᠭᠡᠪᠦᠷᠢᠯᠡᠬᠦ ᠪᠠᠷᠠᠭᠠᠨ ᠤ ᠬᠦᠢᠯᠭᠡᠭᠡ ᠂ ᠪᠤᠭᠤᠮᠳᠠ ᠶᠢᠨ ᠬᠡᠵᠢᠭ ᠰᠢᠯᠭᠠᠨ ᠪᠠᠢᠴᠠᠭᠠᠬᠤ ᠂ ᠤᠩᠭᠤᠴᠠ ᠳ᠋ᠤ ᠠᠶᠠᠯᠠᠯ ᠵᠢᠯᠤᠭᠤᠳᠬᠤ ᠂ ᠠᠭᠠᠷ ᠤᠨ ᠠᠶᠠᠯᠠᠯ ᠤᠨ ᠤᠢᠯᠡᠴᠢᠯᠡᠬᠡ ᠂ ᠳᠦᠬᠦᠬᠡᠢ ᠰᠤᠷᠭᠤᠬ ᠢᠳᠡᠬᠡᠨ ᠦ ᠵᠠᠬ᠎ᠠ ᠲᠡᠯᠬᠡᠬᠦᠷ ᠂ ᠤᠯᠠᠨ ᠨᠡᠢᠳᠡ ᠶᠢᠨ ᠵᠠᠮ ᠬᠠᠷᠢᠯᠴᠠᠭ᠎ᠠ ᠂ ᠡᠮ ᠡᠮᠨᠡᠯᠬᠡ ᠡᠪᠡᠳᠴᠢᠨ ᠡᠮᠬᠡᠭ ᠢ ᠰᠡᠷᠬᠡᠢᠯᠡᠨ ᠡᠵᠡᠮᠳᠡᠬᠦ ᠵᠡᠷᠬᠡ ᠬᠠᠯᠳᠠᠪᠤᠷᠢᠯᠠᠭᠳᠠᠬᠤ ᠠᠶᠤᠯ ᠢᠶᠠᠷ ᠨᠡᠯᠢᠶᠡᠳ ᠶᠡᠬᠡ ᠠᠵᠢᠯᠳᠠᠳ ᠵᠢᠴᠢ ᠳᠤᠮᠳᠠ ᠦᠨᠳᠦᠷ ᠬᠡᠮᠵᠢᠶᠡᠨ ᠦ ᠬᠠᠯᠳᠠᠪᠤᠷᠢᠯᠠᠬᠤ ᠠᠶᠤᠯ ᠲᠠᠢ ᠤᠯᠤᠰ ᠪᠤᠶᠤ ᠭᠠᠵᠠᠷ ᠤᠷᠤᠨ ᠳ᠋ᠤ ᠤᠴᠢᠵᠦ ᠠᠵᠢᠯᠯᠠᠵᠦ ᠰᠤᠷᠤᠯᠴᠠᠬᠤ ᠬᠦᠮᠦᠰ ᠵᠡᠷᠬᠡ ᠶᠢ ᠪᠠᠭᠳᠠᠭᠠᠵᠦ ᠪᠤᠢ ᠃
ᠬᠤᠶᠠᠳᠤᠭᠠᠷ ᠠᠯᠬᠤᠮ ᠳ᠋ᠤ ᠂ ᠸᠠᠺᠼᠢᠨ ᠤ ᠲᠠᠭᠠᠯᠳᠤᠭᠤᠯᠤᠯ ᠨᠦᠬᠦᠴᠡᠯ ᠨᠢ ᠵᠠᠬ᠎ᠠ ᠲᠡᠯᠬᠡᠬᠦᠷ ᠲᠦ ᠭᠠᠷᠬᠤ ᠵᠦᠪᠰᠢᠶᠡᠷᠡᠯ ᠢ ᠤᠯᠬᠤ ᠪᠤᠶᠤ ᠵᠢᠩᠬᠢᠨᠢ ᠪᠠᠷ ᠵᠠᠬ᠎ᠠ ᠲᠡᠯᠬᠡᠬᠦᠷ ᠲᠦ ᠭᠠᠷᠬᠤ ᠵᠦᠪᠰᠢᠶᠡᠷᠡᠯ ᠢ ᠤᠯᠵᠦ ᠂ ᠸᠠᠺᠼᠢᠨ ᠤ ᠦᠢᠯᠡᠳᠪᠤᠷᠢᠯᠡᠯ ᠤᠨ ᠬᠡᠮᠵᠢᠶ᠎ᠠ ᠠᠯᠬᠤᠮ ᠠᠯᠬᠤᠮ ᠢᠶᠠᠷ ᠨᠡᠮᠡᠭᠳᠡᠬᠦ ᠶᠢᠨ ᠤᠯᠠᠮ ᠢᠶᠠᠷ ᠂ ᠡᠮᠬᠢ ᠳᠢᠭᠯᠡᠮ ᠲᠠᠢ ᠪᠠᠷ ᠲᠠᠷᠢᠯᠭ᠎ᠠ ᠬᠢᠬᠦᠠᠵᠢᠯ ᠢ ᠦᠷᠨᠢᠬᠦᠯᠵᠦ ᠂ ᠠᠯᠬᠤᠮ ᠠᠯᠬᠤᠮ ᠢᠶᠠᠷ ᠴᠠᠷᠤᠯᠳᠠ ᠶᠢᠨ ᠬᠠᠯᠬᠠᠪᠴᠢ ᠶᠢ ᠴᠤᠭᠴᠠᠯᠠᠨ ᠪᠠᠢᠭᠤᠯᠵᠦ ᠪᠠᠢᠭᠠᠳ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠦᠨ ᠤᠯᠤᠰ ᠤᠨ ᠳᠤᠳᠤᠭᠠᠳᠤ ᠳ᠋ᠠᠬᠢ ᠬᠠᠯᠳᠠᠪᠤᠷᠢᠯᠠᠯ ᠢ ᠲᠠᠰᠤᠯᠤᠨ᠎ᠠ ᠬᠡᠵᠦ ᠬᠡᠯᠡᠪᠡ ᠃
ᠸᠠᠺᠼᠢᠨ ᠢ ᠶᠠᠭᠠᠬᠢᠵᠦ ᠲᠠᠷᠢᠬᠤ ᠪᠤᠢ ᠂ ᠬᠠᠮᠢᠭ᠎ᠠ ᠤᠴᠢᠵᠦ ᠲᠠᠷᠢᠭᠤᠯᠬᠤ ᠪᠤᠢ ︖
ᠼᠦᠢ ᠭᠠᠩ ᠂ ᠡᠩ ᠦᠨ ᠪᠠᠢᠳᠠᠯ ᠳᠤᠤᠷ᠎ᠠ ᠂ ᠲᠠᠷᠢᠯᠭ᠎ᠠ ᠲᠠᠷᠢᠬᠤ ᠨᠢᠬᠡᠴᠢ ᠶᠢ ᠪᠦᠷ ᠬᠠᠷᠢᠶ᠎ᠠ ᠳᠤᠭᠤᠷᠢᠬ ᠤᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠦ ᠳᠦᠪ ᠂ ᠰᠢᠶᠠᠩ ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠷᠢᠶ᠎ᠠ ᠪᠤᠶᠤ ᠶᠡᠷᠦᠩᠬᠡᠢᠯᠡᠭᠰᠡᠨ ᠡᠮᠨᠡᠯᠬᠡ ᠶᠢᠨ ᠬᠤᠷᠢᠶᠠᠨ ᠳ᠋ᠤ ᠪᠠᠢᠷᠢᠯᠠᠭᠤᠯᠤᠨ᠎ᠠ ᠂ ᠡᠯ᠎ᠠ ᠭᠠᠵᠠᠷ ᠤᠷᠤᠨ ᠳ᠋ᠤ ᠬᠠᠷᠢᠶ᠎ᠠ ᠳᠤᠭᠤᠷᠢᠬ ᠤᠨ ᠢᠶᠠᠨ ᠳᠤᠳᠤᠷᠠᠬᠢ ᠭᠠᠵᠠᠷ ᠂ ᠦᠢᠯᠡᠴᠢᠯᠡᠬᠦ ᠴᠠᠬ ᠢ ᠪᠠᠭᠳᠠᠭᠠᠭᠰᠠᠨ ᠲᠠᠷᠢᠯᠭ᠎ᠠ ᠲᠠᠷᠢᠬᠤ ᠴᠡᠭ ᠂ ᠲᠠᠷᠢᠯᠭ᠎ᠠ ᠲᠠᠷᠢᠬᠤ ᠨᠢᠬᠡᠴᠢ ᠬᠢᠬᠡᠳ ᠴᠠᠬ ᠢ ᠨᠠᠢᠳᠠᠯᠡᠬᠦ ᠬᠡᠷᠡᠭᠳᠠᠢ ᠭᠡᠵᠦ ᠱᠠᠭᠠᠷᠳᠠᠭᠰᠠᠨ ᠪᠠᠢᠨ᠎ᠠ ᠭᠡᠪᠡ ᠃
ᠲᠠᠨᠢᠯᠴᠠᠭᠤᠯᠤᠭᠰᠠᠨ ᠢᠶᠠᠷ ᠂ ᠲᠠᠷᠢᠯᠭ᠎ᠠ ᠲᠠᠷᠢᠬᠤ ᠠᠵᠢᠯ ᠬᠡᠷᠪᠡ ᠳᠦᠪᠯᠡᠷᠡᠭᠰᠡᠨ ᠨᠢᠬᠡᠴᠢ ᠲᠡᠢ ᠬᠤᠯᠪᠤᠭᠳᠠᠬᠤ ᠳ᠋ᠤ ᠬᠦᠷᠪᠡᠯ ᠂ ᠪᠠᠰᠠ ᠨᠢᠬᠡ ᠪᠦᠯᠦᠭ ᠳᠦᠷ ᠴᠠᠬ ᠤᠨ ᠲᠠᠷᠢᠯᠭ᠎ᠠ ᠲᠠᠷᠢᠬᠤ ᠴᠡᠭ ᠭᠠᠷᠭᠠᠵᠦ ᠂ ᠲᠤᠬᠠᠢ ᠶᠢᠨ ᠨᠢᠭᠡᠴᠢ ᠳ᠋ᠤᠨᠢ ᠬᠦᠷᠴᠦ ᠦᠢᠯᠡᠴᠢᠯᠡᠬᠦ ᠶᠢ ᠪᠤᠳᠤᠯᠬᠢᠯᠠᠵᠦ ᠪᠤᠯᠤᠨ᠎ᠠ ᠃ ᠡᠬᠦᠨ ᠦ ᠬᠠᠮᠳᠤ ᠂ ᠬᠠᠮᠢᠶ᠎ᠠ ᠪᠦᠬᠦᠢ ᠨᠢᠬᠡᠴᠢ ᠪᠤᠶᠤ ᠬᠤᠪᠢ ᠬᠦᠮᠦᠨ ᠳ᠋ᠤ ᠮᠡᠳᠡᠭᠳᠡᠯ ᠦᠭᠴᠤ ᠂ ᠬᠠᠮᠢᠭ᠎ᠠ ᠬᠦᠷᠴᠦ ᠲᠠᠷᠢᠯᠭ᠎ᠠ ᠲᠠᠷᠢᠬᠤ ᠂ ᠬᠡᠵᠢᠶ᠎ᠡ ᠲᠠᠷᠢᠯᠭ᠎ᠠ ᠲᠠᠷᠢᠬᠤ ᠶᠢ ᠤᠷᠢᠳᠴᠢᠯᠡᠨ ᠪᠤᠯᠵᠤᠵᠦ ᠳᠤᠭᠳᠠᠭᠠᠨ᠎ᠠ ᠃
ᠼᠦᠢ ᠭᠠᠩ ᠂ ᠤᠯᠠᠨ ᠢᠶᠠᠷ ᠢᠶᠠᠨ ᠬᠠᠷᠢᠶ᠎ᠠ ᠳᠤᠭᠤᠷᠢᠬ ᠤᠨ ᠢᠶᠠᠨ ᠤᠷᠤᠨ ᠨᠤᠳᠤᠬ ᠤᠨ ᠡᠷᠡᠬᠦᠯ ᠬᠠᠮᠠᠭᠠᠯᠠᠯ ᠤᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠪᠤᠶᠤ ᠡᠪᠡᠳᠴᠢᠨ ᠡᠮᠬᠡᠭ ᠢ ᠰᠡᠷᠬᠡᠢᠯᠡᠨ ᠡᠵᠡᠮᠳᠡᠬᠦ ᠪᠠᠢᠭᠤᠯᠤᠮᠵᠢ ᠡᠴᠠ ᠯᠠᠪᠯᠠᠭ᠎ᠠ ᠠᠪᠴᠤ ᠪᠤᠯᠤᠨ᠎ᠠ ᠂ ᠪᠠᠰᠠ ᠬᠠᠮᠢᠶ᠎ᠠ ᠪᠦᠬᠦᠢ ᠮᠡᠳᠡᠬᠡ ᠵᠠᠩᠬᠢ ᠶᠢ ᠨᠡᠢᠳᠡᠯᠡᠬᠦ ᠲᠠᠪᠴᠠᠩ ᠳ᠋ᠤ ᠠᠩᠬᠠᠷᠤᠯ ᠢᠶᠠᠨ ᠬᠠᠨᠳᠤᠭᠤᠯᠵᠦ ᠪᠤᠯᠤᠨ᠎ᠠ ᠬᠡᠵᠦ ᠢᠯᠡᠳᠬᠡᠪᠡ ᠃
ᠼᠦᠢ ᠭᠠᠩ ᠂ ᠲᠠᠷᠢᠯᠭ᠎ᠠ ᠲᠠᠷᠢᠬᠤ ᠳ᠋ᠤ ᠳᠤᠬᠠᠢ ᠶᠢᠨ ᠭᠠᠵᠠᠷ ᠤᠨ ᠮᠡᠳᠡᠭᠳᠡᠯ ᠦᠨ ᠳᠤᠬᠢᠷᠠᠭᠤᠯᠤᠯᠳᠠ ᠶᠢ ᠵᠢᠷᠤᠮᠯᠠᠬᠤ ᠬᠡᠷᠡᠭᠳᠡᠢ ᠂ ᠵᠢᠱᠢᠶᠡᠯᠡᠪᠡᠯ ᠪᠠᠶ᠎ᠠ ᠶᠢᠨ ᠦᠨᠡᠮᠯᠡᠯ ᠢᠶᠡᠨ ᠠᠪᠴᠤ ᠤᠴᠢᠭᠠᠳ᠂ ᠸᠠᠺᠼᠢᠨ ᠤ ᠲᠠᠩᠰᠠᠯᠠᠯᠳᠠ ᠲᠡᠮᠳᠡᠭᠯᠡᠯ ᠢ ᠰᠠᠢᠳᠤᠷ ᠬᠢᠬᠦ ᠬᠡᠷᠡᠭᠳᠡᠢ ᠃ ᠲᠠᠬᠢᠪᠠᠯ ᠂ ᠡᠷᠬᠡᠪᠰᠢ ᠡᠩ ᠦᠨ ᠦᠶ᠎ᠡ ᠳ᠋ᠤ ᠡᠮ ᠡᠮᠨᠡᠯᠬᠡ ᠶᠢᠨ ᠪᠠᠢᠭᠤᠯᠤᠮᠵᠢ ᠳ᠋ᠤ ᠤᠴᠢᠬᠤ ᠱᠠᠭᠠᠷᠳᠠᠯᠭ᠎ᠠ ᠶᠤᠰᠤᠭᠠᠷ ᠬᠤᠪᠢ ᠪᠠᠶ᠎ᠠ ᠶᠢᠨ ᠰᠡᠷᠬᠡᠢᠯᠡᠯᠳᠡ ᠬᠠᠮᠠᠭᠠᠯᠠᠯᠳᠠ ᠵᠡᠷᠬᠡ ᠲᠠᠯ᠎ᠠ ᠶᠢᠨ ᠠᠵᠢᠯ ᠢ ᠰᠠᠢᠳᠤᠷ ᠬᠢᠬᠦ ᠬᠡᠷᠡᠭᠳᠡᠢ ᠬᠡᠵᠦ ᠰᠠᠨᠠᠭᠤᠯᠪᠠ ᠃
权威部门回应新冠病毒疫苗怎么打 到哪去打?
哪些人能打新冠病毒疫苗?
“冬春季节到来之际,对部分重点人群开展新冠病毒疫苗接种工作。”国务院联防联控机制科研攻关组疫苗研发专班负责人、国家卫生健康委副主任曾益新说,后续争取做到高风险人群“应接尽接”,凡是符合条件者都能够按时接种。
国家卫生健康委疾控局负责人崔钢说,目前接种策略是“两步走”方案:第一步,主要针对部分重点人群,包括从事进口冷链、口岸检疫、船舶引航、航空空勤、生鲜市场、公共交通、医疗疾控等感染风险较高的工作人员,以及前往中高风险国家或地区工作学习的人员。
第二步,随着疫苗附条件获批上市或正式批准上市,疫苗产量逐步提高,将通过有序开展接种,逐步在各人群当中构筑起免疫屏障,来阻断新冠病毒在国内的传播。
疫苗怎么打、到哪儿打?
崔钢说,通常情况下,接种单位都是设在辖区的卫生服务中心、乡镇卫生院或者综合医院,已经要求各地把辖区内的接种点、能够接种疫苗的单位及时公布,包括地点、服务时间。
据介绍,如果接种涉及一些集中的单位,也会考虑设立一些临时接种点,上门去服务。同时,会通知相关单位或个人,到哪儿去打、什么时间去打,提前预约好。
崔钢表示,公众可以咨询所在辖区地方卫生行政部门或疾病预防控制机构,也请大家关注相关信息发布平台。
崔钢同时提醒,接种时要按照当地通知的安排,比如携带身份证,做好疫苗登记记录。另外,一定要按照平常去医疗机构的要求,做好个人防护等。