ᠥᠪᠥᠷ ᠮᠣᠩᠭᠣᠯ ᠤᠷᠤᠨ ᠭᠧᠷᠮᠠᠨ ᠤᠯᠤᠰ ᠤᠨ ᠬᠦᠯ ᠪᠦᠮᠪᠦᠬᠡᠨ ᠦ ᠨᠡᠢᠬᠡᠮᠯᠢᠭ ᠲᠡᠢ ᠤᠯᠠᠨ ᠲᠠᠪᠬᠤᠷᠭ᠎ᠠ ᠶᠢᠨ ᠬᠠᠮᠳᠤᠷᠠᠯᠴᠠᠭ᠎ᠠ ᠦᠷᠨᠢᠬᠦᠯᠦᠨ᠎ᠡ 内蒙古与德国足协将推广多层次合作

ᠥᠪᠥᠷ ᠮᠣᠩᠭᠣᠯ ᠤᠷᠤᠨ ᠭᠧᠷᠮᠠᠨ ᠤᠯᠤᠰ ᠤᠨ ᠬᠦᠯ ᠪᠦᠮᠪᠦᠬᠡᠨ ᠦ ᠨᠡᠢᠬᠡᠮᠯᠢᠭ ᠲᠡᠢ ᠤᠯᠠᠨ ᠲᠠᠪᠬᠤᠷᠭ᠎ᠠ ᠶᠢᠨ ᠬᠠᠮᠳᠤᠷᠠᠯᠴᠠᠭ᠎ᠠ ᠦᠷᠨᠢᠬᠦᠯᠦᠨ᠎ᠡ

ᠦᠪᠦᠷ ᠮᠣᠩᠭᠣᠯ ᠤᠨ ᠡᠳᠦᠷ ᠦᠨ ᠰᠣᠨᠢᠨ ᠤ ᠮᠡᠳᠡᠬᠡ (ᠰᠤᠷᠪᠤᠯᠵᠢᠯᠠᠭᠴᠢ ᠸᠠᠩ ᠶᠠ ᠵᠢᠩ ) 11 ᠰᠠᠷ᠎ᠠ ᠶᠢᠨ 4 ᠤ ᠡᠳᠤᠷ᠂ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠪᠠᠢ ᠰᠢᠶᠠᠩ ᠴᠢᠶᠦᠨ ᠬᠦᠬᠡᠬᠤᠳᠠ ᠳ᠋ᠤ ᠭᠧᠷᠮᠠᠨ ᠤ ᠬᠦᠯ ᠪᠦᠮᠪᠦᠬᠡ ᠶᠢᠨ ᠨᠡᠢᠬᠡᠮᠯᠢᠭ ᠦᠨ ᠰᠢᠨᠵᠢᠯᠡᠨ ᠪᠠᠢᠴᠠᠭᠠᠬᠤ ᠪᠦᠯᠬᠦᠮ ᠦᠨ ᠬᠢᠨ ᠲᠠᠢ ᠠᠭᠤᠯᠵᠠᠵᠠᠢ᠃ ᠬᠤᠶᠠᠷ ᠲᠠᠯ᠎ᠠ ᠪᠠᠷ ᠪᠠᠨ ᠡᠮᠦᠨᠡᠬᠡᠨ ᠦᠪᠦᠷ ᠮᠤᠩᠭᠤᠯ ᠤᠨ ᠬᠦᠯ ᠪᠦᠮᠪᠦᠬᠡ ᠶᠢᠨ ᠨᠡᠢᠬᠡᠮᠯᠢᠭ ᠬᠢᠬᠡᠳ ᠭᠧᠷᠮᠠᠨ ᠤ ᠬᠦᠯ ᠪᠦᠮᠪᠦᠬᠡ ᠶᠢᠨ ᠨᠡᠢᠬᠡᠮᠯᠢᠭ᠂ ᠭᠧᠷᠮᠠᠨ ᠤ ᠤᠯᠠᠨ ᠤᠯᠤᠰ ᠤᠨ ᠬᠠᠮᠳᠤᠷᠠᠯᠴᠠᠭᠠᠨ ᠤ ᠪᠠᠢᠭᠤᠯᠤᠮᠵᠢ ᠶᠢᠨ ᠳᠤᠭᠳᠠᠭᠰᠠᠨ ᠬᠦᠯ ᠪᠦᠮᠪᠦᠬᠡ ᠶᠢᠨ ᠬᠠᠮᠳᠤᠷᠠᠯᠴᠠᠭ᠎ᠠ ᠶᠢ ᠴᠢᠩᠭᠠᠳᠬᠠᠬᠤ ᠦᠢᠯᠠᠭᠠᠯᠴᠠᠬᠤ ᠰᠠᠨᠠᠭᠤᠯᠤᠮᠵᠢ ᠶᠢᠨ ᠬᠤᠯᠪᠤᠭᠳᠠᠯ ᠪᠦᠬᠦᠢ ᠬᠡᠷᠡᠭ ᠶᠠᠪᠤᠳᠠᠯ ᠤᠨ ᠳᠤᠬᠠᠢ ᠰᠠᠨᠠᠯ ᠢᠶᠠᠨ ᠰᠤᠯᠢᠯᠴᠠᠵᠠᠢ᠃ ᠪᠠᠢ ᠰᠢᠶᠠᠩ ᠴᠢᠶᠦᠨ ᠵᠢᠭᠠᠵᠥ ᠭᠠᠷᠭᠠᠬᠤ ᠳ᠋ᠠᠭᠠᠨ᠂ ᠬᠦᠯ ᠪᠦᠮᠪᠦᠬᠡ ᠶᠢᠨ ᠬᠠᠮᠳᠤᠷᠠᠯᠴᠠᠭ᠎ᠠ ᠶᠢ ᠴᠢᠩᠭᠠᠳᠬᠠᠬᠤ ᠦᠢᠯᠠᠭᠠᠯᠴᠠᠬᠤ ᠰᠠᠨᠠᠭᠤᠯᠤᠮᠵᠢ ᠳᠤᠭᠳᠠᠭᠰᠠᠨ ᠨᠢ ᠦᠪᠦᠷ ᠮᠤᠩᠭᠤᠯ ᠤᠨ ᠬᠦᠯ ᠪᠦᠮᠪᠦᠬᠡ ᠶᠢᠨ ᠦᠬᠡᠷᠡᠴᠢᠯᠡᠯᠳᠡ ᠬᠦᠭᠵᠢᠯᠳᠡ ᠳ᠋ᠤ ᠢᠳᠡᠪᠬᠢᠳᠡᠢ ᠦᠢᠯᠡᠳᠦᠯ ᠦᠵᠡᠬᠦᠯᠵᠡᠢ᠃ ᠬᠤᠶᠠᠷ ᠲᠠᠯ᠎ᠠ ᠪᠠᠷ ᠪᠠᠨ ᠰᠠᠨᠠᠭᠤᠯᠤᠮᠵᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠢᠳᠠᠪᠦᠷᠢᠵᠢᠭᠤᠯᠵᠥ᠂ ᠵᠠᠯᠠᠭᠤᠴᠤᠳ ᠪᠠᠭᠠᠴᠤᠳ ᠤᠨ ᠪᠤᠯᠪᠠᠰᠤᠷᠠᠯ ᠤᠨ ᠰᠢᠰᠲᠧᠮ ᠢ ᠪᠠᠢᠭᠤᠯᠬᠤ᠂ ᠵᠠᠯᠠᠭᠤᠴᠤᠳ ᠪᠠᠭᠠᠴᠤᠳ ᠤᠨ ᠪᠤᠯᠪᠠᠰᠤᠷᠠᠯ ᠤᠨ ᠳᠦᠪ ᠢ ᠪᠠᠢᠭᠤᠯᠬᠤ᠂ ᠰᠤᠷᠭᠠᠭᠴᠢ ᠬᠢᠨᠠᠭᠴᠢ ᠵᠡᠷᠬᠡ ᠳᠤᠰᠬᠠᠢ ᠴᠢᠳᠠᠪᠤᠷᠢᠳᠠᠨ ᠢ ᠪᠤᠯᠪᠠᠰᠤᠷᠠᠭᠤᠯᠬᠤ᠂ ᠵᠠᠯᠠᠭᠤᠴᠤᠳ ᠪᠠᠭᠠᠴᠤᠳ ᠤᠨ ᠬᠦᠯ ᠪᠦᠮᠪᠦᠭᠡ ᠶᠢᠨ ᠰᠤᠶᠤᠯ ᠤᠨ ᠰᠤᠯᠢᠯᠴᠠᠭ᠎ᠠ ᠶᠢ ᠠᠬᠢᠭᠤᠯᠬᠤ᠂ ᠡᠮᠡᠭᠳᠡᠢ ᠶᠢᠨ ᠬᠦᠯ ᠪᠦᠮᠪᠦᠬᠡ ᠶᠢᠨ ᠠᠩᠬᠢ ᠶᠢᠨ ᠦᠷᠢᠰᠦᠯᠳᠦᠬᠡᠨ ᠦ ᠳᠦᠪᠰᠢᠨ ᠢ ᠲᠡᠬᠡᠭᠰᠢᠯᠡᠬᠦᠯᠬᠦ᠂ ᠤᠯᠠᠨ ᠤᠯᠤᠰ ᠤᠨ ᠬᠦᠯ ᠪᠦᠮᠪᠦᠬᠡ ᠶᠢᠨ ᠶᠠᠷᠢᠶᠠᠨ ᠤ ᠲᠠᠪᠴᠠᠩ ᠡᠷᠬᠢᠯᠡᠬᠦ ᠵᠡᠷᠭᠡ ᠲᠠᠯ᠎ᠠ ᠪᠠᠷ ᠢᠳᠡᠪᠬᠢᠳᠡᠢ ᠬᠠᠮᠳᠤᠷᠠᠯᠴᠠᠭ᠎ᠠ ᠦᠷᠨᠢᠬᠦᠯᠦᠨ᠎ᠡ ᠬᠡᠵᠡᠢ᠃ ᠭᠧᠷᠮᠠᠨ ᠤ ᠬᠦᠯ ᠪᠦᠮᠪᠦᠬᠡ ᠶᠢᠨ ᠨᠡᠢᠬᠡᠮᠯᠢᠭ ᠦᠨ ᠰᠢᠨᠵᠢᠯᠡᠨ ᠪᠠᠢᠴᠠᠭᠠᠬᠤ ᠪᠦᠯᠬᠦᠮ ᠦᠨ ᠬᠢᠨ ᠦᠪᠦᠷ ᠮᠤᠩᠭᠤᠯ ᠤᠨ ᠬᠦᠯ ᠪᠦᠮᠪᠦᠬᠡ ᠶᠢᠨ ᠨᠡᠢᠬᠡᠮᠯᠢᠭ ᠦᠨ ᠬᠢᠨ ᠲᠠᠢ ᠰᠠᠨᠠᠭᠤᠯᠤᠮᠵᠢ ᠶᠢᠨ ᠬᠤᠯᠪᠤᠭᠳᠠᠯ ᠪᠦᠬᠦᠢ ᠬᠠᠮᠳᠤᠷᠠᠯᠴᠠᠭᠠᠨ ᠤ ᠠᠭᠤᠯᠭ᠎ᠠ ᠶᠢᠨ ᠳᠤᠭᠤᠷᠢᠨ ᠳ᠋ᠤ ᠰᠠᠨᠠᠯ ᠢᠶᠠᠨ ᠰᠤᠯᠢᠯᠴᠠᠭᠰᠠᠠ ᠪᠦᠭᠡᠳ ᠢᠷᠡᠬᠡᠳᠦᠢ ᠶᠢᠨ ᠬᠠᠮᠳᠤᠷᠠᠯᠴᠠᠭᠠᠨ ᠤ ᠳᠤᠮᠳᠠ ᠪᠠᠨ ᠴᠢᠭᠯᠡᠬᠦᠯᠤᠯᠲᠤ ᠴᠢᠨᠠᠷᠳᠠᠢ ᠪᠠᠷ ᠠᠵᠢᠯ ᠢᠶᠠᠨ ᠦᠷᠨᠢᠬᠦᠯᠵᠥ᠂ ᠦᠪᠦᠷ ᠮᠤᠩᠭᠤᠯ ᠤᠨ ᠬᠦᠯ ᠪᠦᠮᠪᠦᠬᠡ ᠶᠢᠨ ᠦᠢᠯᠡᠰ ᠦᠨ ᠬᠦᠭᠵᠢᠯᠳᠡ ᠶᠢ ᠪᠦᠬᠦ ᠬᠦᠴᠦ ᠪᠡᠷ ᠪᠡᠨ ᠲᠡᠮᠵᠢᠨ᠎ᠡ ᠬᠡᠵᠥ ᠢᠯᠡᠳᠬᠡᠪᠡ᠃ ᠭᠧᠷᠮᠠᠨ ᠤ ᠬᠦᠯ ᠪᠦᠮᠪᠦᠬᠡ ᠶᠢᠨ ᠨᠡᠢᠬᠡᠮᠯᠢᠭ ᠦᠨ ᠰᠢᠨᠵᠢᠯᠡᠨ ᠪᠠᠢᠴᠠᠭᠠᠬᠤ ᠪᠦᠯᠬᠦᠮ ᠦᠨ ᠬᠢᠨ ᠠᠢᠯᠴᠢᠯᠠᠬᠤ ᠬᠤᠭᠤᠴᠠᠭᠠᠨ ᠳ᠋ᠠᠭᠠᠨ ᠬᠦᠬᠡᠬᠤᠳᠠ ᠶᠢᠨ ᠤᠨᠴᠠᠯᠢᠭᠳᠤ ᠬᠦᠯ ᠪᠦᠮᠪᠦᠬᠡ ᠶᠢᠨ ᠰᠤᠷᠭᠠᠭᠤᠯᠢ ᠶᠢ ᠳᠤᠭᠤᠷᠢᠨ ᠦᠵᠡᠵᠥ᠂ ᠪᠡᠶ᠎ᠡ ᠶᠢᠨ ᠲᠠᠮᠢᠷ ᠤᠨ ᠡᠳᠡᠬᠡᠳ ᠦᠨ ᠬᠦᠮᠦᠰ ᠲᠡᠢ ᠶᠠᠷᠢᠯᠴᠠᠨ᠂ ᠳᠦᠷᠦᠯ ᠵᠦᠢᠯ ᠢ ᠳᠦᠯᠦᠪᠯᠡᠬᠦ ᠬᠤᠷᠠᠯ ᠳ᠋ᠤ ᠤᠷᠤᠯᠴᠠᠵᠦ᠂ ᠬᠠᠮᠳᠤᠷᠠᠯᠴᠠᠭᠠᠨ ᠤ ᠳᠦᠷᠦᠯ ᠵᠦᠢᠯ ᠦᠨ ᠪᠤᠳᠠᠳᠠᠢ ᠨᠠᠷᠢᠨ ᠠᠭᠤᠯᠭ᠎ᠠ ᠵᠢᠴᠢ ᠴᠠᠬ ᠤᠨ ᠬᠦᠰᠦᠨᠦᠭ ᠢ ᠳᠤᠭᠳᠠᠭᠠᠬᠤ ᠪᠤᠯᠤᠨ᠎ᠠ᠃ ᠦᠪᠦᠷ ᠮᠣᠩᠭᠣᠯ ᠤᠨ ᠡᠳᠦᠷ ᠦᠨ ᠰᠣᠨᠢᠨ ᠄ᠳᠣᠷᠤᠨ᠎ᠠ
Posted in ᠤᠷᠤᠯᠳᠤᠭᠠᠨ ᠨᠠᠭᠠᠳᠤᠮ| 赛事赛况 and tagged .