ᠨᠠᠢ᠍ᠮᠠᠨ ᠮᠤᠵᠢ ᠣᠷᠤᠨ ᠤ ᠭᠤᠷᠪᠠᠳᠤᠭᠠᠷ ᠬᠤᠭᠤᠴᠠᠭᠠᠨ ᠤ ᠮᠣᠩᠭᠤᠯᠴᠤᠳ ᠤᠨ ᠤᠯᠠᠮᠵᠢᠯᠠᠯᠲᠤ ᠭᠡᠷ······八省区第三届蒙古族传统家风家教大赛举办通知

ᠨᠠᠢ᠍ᠮᠠᠨ ᠮᠤᠵᠢ ᠣᠷᠤᠨ ᠤ ᠭᠤᠷᠪᠠᠳᠤᠭᠠᠷ ᠬᠤᠭᠤᠴᠠᠭᠠᠨ ᠤ ᠮᠣᠩᠭᠤᠯᠴᠤᠳ ᠤᠨ ᠤᠯᠠᠮᠵᠢᠯᠠᠯᠲᠤ ᠭᠡᠷ  ᠤᠨ ᠬᠥᠮᠦᠵᠢᠯ  ᠤᠨ ᠤᠷᠤᠯᠳᠤᠭᠠᠨ  ᠤ ᠵᠠᠷ

ᠨᠠᠢ᠍ᠮᠠᠨ ᠮᠤᠵᠢ ᠣᠷᠤᠨ ᠤ ᠭᠤᠷᠪᠠᠳᠤᠭᠠᠷ ᠬᠤᠭᠤᠴᠠᠭᠠᠨ ᠤ ᠮᠣᠩᠭᠤᠯᠴᠤᠳ ᠤᠨ ᠤᠯᠠᠮᠵᠢᠯᠠᠯᠲᠤ ᠭᠡᠷ ᠤᠨ ᠬᠥᠮᠦᠵᠢᠯ ᠤᠨ ᠤᠷᠤᠯᠳᠤᠭᠠᠨ 2016 ᠡᠤᠨ ᠤ 1 ᠰᠠᠷ᠎ᠠ ᠶᠢᠨ 5—— 7 ᠤ ᠡᠳᠦᠷ ᠪᠣᠯᠲᠠᠯ᠎ᠠ ᠰᠥᠨᠢᠳ ᠪᠠᠷᠠᠭᠤᠨ ᠬᠣᠰᠢᠭᠤᠨ ᠤ ᠰᠠᠢᠬᠠᠨᠳᠠᠯ᠎ᠠ ᠪᠠᠯᠭᠠᠰᠤᠨ  ᠳᠤ ᠶᠠᠪᠤᠭᠳᠠᠬᠤ ᠪᠠᠷ ᠪᠣᠯᠤᠯ᠎ᠠ ᠃

ᠨᠠᠢ᠍ᠮᠠᠨ ᠮᠤᠵᠢ ᠣᠷᠤᠨ ᠤ ᠮᠣᠩᠭᠤᠯ ᠬᠡᠯᠡ ᠪᠢᠴᠢᠭ᠌ ᠤᠨ ᠠᠵᠢᠯ ᠤᠨ ᠬᠠᠮᠵᠢᠯᠴᠠᠬᠤ ᠳᠤᠭᠤᠢᠯᠠᠩ ᠤᠨ ᠠᠯᠪᠠᠨ ᠬᠡᠷ ᠂ ᠥᠪᠡᠷᠲᠡᠭᠡᠨ ᠵᠠᠰᠠᠬᠤ ᠣᠷᠤᠨ ᠤ ᠤᠳᠭ᠎ᠠ ᠤᠷᠠᠯᠢᠭ ᠤᠨ ᠬᠢᠨ ᠤ ᠬᠣᠯᠪᠤᠭ᠎ᠠ ᠭᠣᠣᠯᠯᠠᠨ ᠡᠷᠬᠢᠯᠡᠵᠦ ᠂ ᠥᠪᠦᠷ ᠮᠣᠩᠭᠤᠯ ᠤᠨ ᠡᠳᠦᠷ ᠦᠨ ᠰᠣᠨᠢᠨ ᠤ ᠮᠣᠩᠭᠤᠯ ᠬᠡᠪᠯᠡᠯ ᠂ ᠲᠥᠪ ᠷᠠᠳᠢᠣ᠋  ᠶᠢᠨ ᠮᠣᠩᠭᠤᠯ ᠨᠡᠪᠲᠡᠷᠡᠭᠦᠯᠭᠡ ᠶᠢᠨ ᠬᠡᠯᠲᠡᠰ ᠂ ᠥᠪᠦᠷ ᠮᠣᠩᠭᠤᠯ ᠤᠨ ᠮᠣᠩᠭᠤᠯ ᠷᠠᠳᠢᠣ᠋ ᠬᠠᠮᠵᠢᠯᠴᠠᠨ ᠡᠷᠬᠢᠯᠡᠵᠦ ᠂ ᠰᠥᠨᠢᠳ ᠪᠠᠷᠠᠭᠤᠨ ᠬᠣᠰᠢᠭᠤᠨ ᠤ ᠨᠠᠮ ᠤᠨ ᠬᠣᠷᠢᠶ᠎ᠠ ᠂ ᠵᠠᠰᠠᠭ ᠤᠨ ᠣᠷᠳᠤᠨ ᠂ ᠥᠪᠦᠷ ᠮᠣᠩᠭᠤᠯ ᠦᠨ ᠵᠠᠩ ᠦᠢᠯᠡ ᠰᠣᠶᠤᠯ ᠰᠤᠳᠤᠯᠬᠤ ᠰᠠᠭᠤᠷᠢᠨ ᠭᠠᠵᠠᠷ ᠂ ᠥᠪᠦᠷ ᠮᠣᠩᠭᠤᠯ ᠤᠨ ᠮᠣᠩᠭᠤᠯ ᠤᠲᠤᠨ ᠲᠧᠯᠸᠢᠰ ᠳᠠᠭᠠᠭᠠᠴᠢᠯᠠᠨ ᠡᠷᠭᠢᠯᠡᠬᠦ ᠪᠠᠷ ᠪᠠᠢᠭ᠎ᠠ ᠃

ᠨᠢᠭᠡ ᠂ ᠤᠷᠤᠯᠳᠤᠭᠠᠨ ᠤ ᠵᠣᠷᠢᠯᠭ᠎ᠠ

ᠨᠠᠮ ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠂ ᠮᠣᠩᠭᠤᠯ ᠦᠨᠳᠦᠰᠦᠲᠡᠨ ᠤ ᠤᠯᠠᠮᠵᠢᠯᠠᠯᠲᠤ ᠭᠡᠷ ᠤᠨ ᠬᠥᠮᠦᠵᠢᠯ ᠤᠨ ᠰᠢᠯᠢᠳᠡᠭ ᠰᠣᠶᠤᠯ ᠢᠶᠠᠨ ᠬᠥᠮᠦᠰ ᠲᠦ ᠲᠠᠨᠢᠭᠤᠯᠤᠨ ᠂ ᠰᠣᠳᠤᠨ ᠥᠪ ᠰᠣᠶᠤᠯ ᠢᠶᠠᠨ ᠰᠡᠷᠭᠦᠭᠡᠨ ᠥᠪᠯᠡᠬᠦ ᠤᠬᠠᠮᠰᠠᠷ ᠢ ᠤᠷᠢᠶᠠᠯᠠᠨ ᠠᠮᠢᠯᠠᠭᠤᠯᠵᠤ ᠂ 《 ᠪᠡᠶ᠎ᠡ ᠪᠠᠨ ᠵᠠᠰᠠᠮᠠᠨᠵᠢᠨ ᠭᠡᠷ ᠢᠶᠠᠨ ᠵᠠᠰᠠᠬᠤ ᠂ ᠭᠡᠷ ᠢᠶᠠᠨ ᠵᠠᠰᠠᠮᠠᠨᠵᠢᠨ ᠤᠯᠤᠰ ᠢᠶᠠᠨ ᠵᠠᠰᠠᠬᠤ 》 ᠬᠥᠮᠦᠨ ᠶᠣᠰᠤᠨ ᠤ ᠰᠤᠷᠭᠠᠯ ᠢ ᠳᠡᠯᠭᠡᠷᠡᠭᠦᠯᠦᠨ ᠂ ᠡᠭᠦᠨ ᠤ ᠤᠯᠠᠮ ᠢᠶᠠᠷ ᠤᠯᠠᠮᠵᠢᠯᠠᠯᠲᠤ ᠭᠡᠷ ᠤᠨ ᠬᠥᠮᠦᠵᠢᠯ ᠤᠨ ᠠᠷᠠᠳ ᠢᠷᠭᠡᠨ ᠂ ᠭᠡᠷ ᠪᠦᠯᠢ ᠂ ᠨᠡᠢᠭᠡᠮ ᠤᠨ ᠬᠥᠮᠦᠵᠢᠯ ᠳᠤ ᠦᠵᠡᠭᠦᠯᠬᠦ ᠢᠳᠡᠪᠬᠢ ᠦᠢᠯᠡᠳᠦᠯ ᠢ ᠨᠢ ᠭᠦᠢᠴᠡᠳ ᠪᠠᠲᠠᠷᠠᠭᠤᠯᠤᠨ ᠂ ᠪᠦᠬᠦ ᠠᠷᠠᠳ ᠤᠨ ᠬᠡᠪ ᠴᠢᠨᠠᠷ ᠢ ᠳᠡᠭᠡᠭᠰᠢᠯᠡᠭᠦᠯᠵᠦ ᠂ ᠨᠡᠢᠭᠡᠮ ᠵᠢᠷᠤᠮ ᠤᠨ ᠭᠣᠣᠯᠯᠠᠭᠴᠢ ᠥᠷᠲᠡᠭ ᠤᠨ ᠦᠵᠡᠯᠲᠡ ᠵᠢ ᠪᠤᠢ ᠪᠣᠯᠭᠠᠬᠤ ᠵᠣᠷᠢᠯᠲᠠ ᠪᠠᠷ ᠲᠤᠰ ᠤᠷᠤᠯᠳᠤᠭᠠᠨ ᠢ ᠵᠣᠬᠢᠶᠠᠨ ᠪᠠᠢᠭᠤᠯᠪᠠ ᠃

ᠬᠣᠶᠠᠷ ᠂ ᠤᠷᠤᠯᠳᠤᠭᠠᠨ ᠤ ᠱᠠᠭᠠᠷᠳᠠᠯᠭ᠎ᠠ

ᠭᠤᠷᠪᠠᠨ ᠦᠶ᠎ᠡ ᠶᠢᠨ ᠬᠥᠮᠦᠨ ᠢᠶᠠᠷ ᠨᠢᠭᠡᠴᠢᠯᠡᠨ ᠣᠷᠤᠯᠴᠠᠨ᠎ᠠ ᠃ ᠨᠢᠭᠡᠴᠢ ᠪᠣᠯᠭᠠᠨ ᠨᠢ ᠭᠤᠷᠪᠠᠨ ᠦᠶ᠎ᠡ ᠶᠢᠨ 3 —— 4 ᠬᠥᠮᠦᠨ ᠢᠶᠠᠷ ᠪᠦᠷᠢᠯᠳᠦᠵᠦ ᠂ ᠭᠤᠷᠪᠠᠨ ᠦᠶ᠎ᠡ ᠶᠢᠨ ᠬᠥᠮᠦᠨ ᠤ ᠨᠠᠰᠤᠨ ᠤ ᠪᠦᠷᠢᠯᠳᠦᠯ ᠵᠣᠬᠢᠰᠲᠠᠢ ᠪᠠᠢᠵᠤ ᠂ ᠣᠮᠪᠤᠯ ᠦᠶ᠎ᠡ ᠨᠢ 18 ᠨᠠᠰᠤᠨ ᠡᠴᠡ ᠳᠣᠷᠤᠭᠰᠢ ᠪᠠᠢᠬᠤ ᠬᠡᠷᠡᠭᠲᠡᠢ ᠃ ᠤᠷᠤᠯᠳᠤᠭᠠᠨ ᠳᠤ ᠮᠣᠩᠭᠤᠯᠴᠤᠳ ᠤᠨ ᠤᠯᠠᠮᠵᠢᠯᠠᠯᠲᠤ ᠭᠡᠷ ᠤᠨ ᠬᠥᠮᠦᠵᠢᠯ ᠤᠨ ᠲᠤᠬᠠᠢ 5 ᠮᠢᠨᠦ᠋ᠲ ᠤᠨ ᠦᠵᠡᠭᠦᠯᠦᠯᠭᠡ ︔ 3 ᠮᠢᠨᠦ᠋ᠲ ᠤᠨ ᠭᠡᠷ ᠤᠨ ᠬᠥᠮᠦᠵᠢᠯ ᠤᠨ ᠠᠭᠤᠯᠭ᠎ᠠ ᠲᠠᠢ ᠤᠷ᠎ᠠ ᠠᠪᠢᠶᠠᠰ ᠤᠨ ᠲᠣᠭᠯᠠᠯᠲᠠ ᠭᠠᠷᠭᠠᠨ᠎ᠠ ᠃ ᠶᠣᠰᠤ ᠵᠠᠩᠰᠢᠯ ᠂ ᠬᠤᠪᠴᠠᠰᠤ ᠵᠠᠰᠠᠯ ᠤᠨ ᠲᠠᠯ᠎ᠠ ᠪᠠᠷ ᠣᠷᠤᠨ ᠨᠤᠲᠤᠭ ᠤᠨ ᠢᠶᠠᠨ ᠣᠨᠴᠠᠯᠢᠭ ᠢ ᠲᠣᠪᠤᠢᠯᠭᠠᠬᠤ ᠶᠢ ᠱᠠᠭᠠᠷᠳᠠᠨ᠎ᠠ ᠃ ᠠᠩᠬᠠᠨ ᠤ ᠰᠢᠭᠰᠢᠭᠡ ᠳᠤ ᠵᠣᠷᠢᠭᠤᠯᠤᠭᠰᠠᠨ ᠳᠦᠷᠰᠦ ᠰᠢᠩᠭᠡᠭᠡᠯᠲᠡ ᠪᠤᠯᠤᠨ 1 ᠮᠢᠨᠦ᠋ᠲ ᠤᠨ ᠭᠡᠷ ᠪᠦᠯᠢ ᠶᠢᠨ ᠲᠠᠨᠢᠯᠴᠠᠭᠤᠯᠭ᠎ᠠ ᠪᠠᠨ ᠤᠷᠤᠯᠳᠤᠭᠠᠨ ᠤ ᠵᠣᠬᠢᠶᠠᠨ ᠪᠠᠢᠭᠤᠯᠬᠤ ᠵᠥᠪᠯᠡᠯ ᠳᠤ ᠢᠯᠡᠭᠡᠨ᠎ᠡ ᠃

ᠭᠤᠷᠪᠠ ᠂ ᠤᠷᠤᠯᠳᠤᠭᠠᠨ ᠤ ᠴᠠᠭ

ᠨᠡᠷ᠎ᠡ ᠮᠡᠳᠡᠭᠦᠯᠬᠦ ᠬᠤᠭᠤᠴᠠᠭ᠎ᠠ ᠄ 2015 ᠡᠤᠨ  ᠤ 11 ᠰᠠᠷ᠎ᠠ ᠶᠢᠨ 10 —— 12 ᠰᠠᠷ᠎ᠠ ᠶᠢᠨ 10 ᠤ ᠡᠳᠦᠷ ᠪᠣᠯᠲᠠᠯ᠎ᠠ ᠃

ᠠᠩᠬᠠᠨ ᠤ ᠰᠢᠭᠰᠢᠯᠲᠡ ᠄ 2015 ᠡᠤᠨ ᠤ 12 ᠰᠠᠷ᠎ᠠ ᠶᠢᠨ 15 ——18 ᠤ ᠡᠳᠦᠷ ᠪᠣᠯᠲᠠᠯ᠎ᠠ ᠬᠥᠬᠡᠬᠣᠲᠠ ᠳᠤ ᠶᠠᠪᠤᠭᠳᠠᠨ᠎ᠠ ᠃  

ᠰᠢᠢᠳᠪᠦᠷᠢᠲᠦ ᠤᠷᠤᠯᠳᠤᠭᠠᠨ ᠄ 2016 ᠡᠤᠨ ᠤ 1 ᠰᠠᠷ᠎ᠠ ᠶᠢᠨ 5 —— 7 ᠤ ᠡᠳᠦᠷ ᠪᠣᠯᠲᠠᠯ᠎ᠠ ᠰᠥᠨᠢᠳ ᠪᠠᠷᠠᠭᠤᠨ ᠬᠣᠰᠢᠭᠤᠨ ᠤ ᠰᠠᠢᠬᠠᠨᠲᠠᠯ᠎ᠠ ᠪᠠᠯᠭᠠᠰᠤᠨ ᠳᠤ ᠶᠠᠪᠤᠭᠳᠠᠨ᠎ᠠ ᠃

ᠳᠥᠷᠪᠡ ᠂ ᠤᠷᠤᠯᠳᠤᠭᠠᠨ ᠤ ᠱᠠᠩᠨᠠᠯ ᠨᠢᠭᠡᠳᠦᠭᠡᠷ ᠲᠡᠰ ᠲᠦ 1 ᠨᠢᠭᠡᠴᠢ ᠂ 10000 ᠲᠥᠭᠦᠷᠢᠭ ᠱᠠᠩᠨᠠᠨ᠎ᠠ ︔ ᠬᠣᠶᠠᠳᠤᠭᠠᠷ ᠲᠡᠰ ᠲᠦ 2 ᠨᠢᠭᠡᠴᠢ ᠂ 6000 ᠲᠥᠭᠦᠷᠢᠭ ᠱᠠᠩᠨᠠᠨ᠎ᠠ ︔ ᠭᠤᠷᠪᠠᠳᠤᠭᠠᠷ ᠲᠡᠰ ᠲᠦ 3 ᠨᠢᠭᠡᠴᠢ ᠂ 4000 ᠲᠥᠭᠦᠷᠢᠭ ᠱᠠᠩᠨᠠᠨ᠎ᠠ ︔ ᠰᠢᠯᠢᠳᠡᠭ ᠲᠡᠰ ᠲᠦ 10 ᠨᠡᠷ᠎ᠡ ᠂ ᠳᠤᠰᠪᠦᠷᠢ 2000 ᠲᠥᠭᠦᠷᠢᠭ ᠱᠠᠩᠨᠠᠨ᠎ᠠ ᠃

ᠲᠠᠪᠤ ᠂ ᠠᠩᠬᠠᠷᠬᠤ ᠵᠦᠢᠯ ᠨᠡᠷ᠎ᠡ ᠮᠡᠳᠡᠭᠦᠯᠬᠦ ᠰᠦᠢᠳᠭᠡᠯ ᠬᠤᠷᠢᠶᠠᠬᠤ ᠦᠭᠡᠢ ᠃

ᠰᠢᠢᠳᠪᠦᠷᠢᠲᠦ ᠤᠷᠤᠯᠳᠤᠭᠠᠨ ᠳᠤ ᠣᠷᠤᠯᠴᠠᠭᠰᠠᠳ ᠵᠠᠮ ᠤᠨ ᠵᠠᠷᠦᠳᠠᠯ ᠵᠢᠬ ᠥᠪᠡᠷ ᠲᠡᠭᠡᠨ ᠬᠠᠷᠢᠭᠤᠴᠠᠵᠤ ᠂ ᠤᠷᠤᠯᠳᠤᠭᠠᠨ ᠤ ᠬᠤᠭᠤᠴᠠᠭᠠᠨ ᠳᠠᠬᠢ ᠬᠣᠨᠤᠭ ᠂ ᠬᠣᠭᠤᠯᠠᠨ ᠵᠠᠷᠤᠳᠠᠯ ᠢ ᠵᠣᠬᠢᠶᠠᠨ ᠪᠠᠢᠭᠤᠯᠬᠤ ᠵᠥᠪᠯᠡᠯ ᠬᠠᠷᠢᠭᠤᠴᠠᠨ᠎ᠠ ᠃

ᠢᠮᠸᠯ ᠄ E_mail ᠄ xsqwl711@163.com᠂ ᠬᠠᠷᠢᠯᠴᠠᠬᠤ ᠤᠲᠠᠰᠤ ᠄ 13684739933 15047183242

ᠨᠠᠢ᠍ᠮᠠᠨ ᠮᠤᠵᠢ ᠣᠷᠤᠨ ᠤ ᠮᠣᠩᠭᠤᠯᠴᠤᠳ ᠤᠨ ᠤᠯᠠᠮᠵᠢᠯᠠᠯᠲᠤ ᠭᠡᠷ ᠤᠨ ᠬᠥᠮᠦᠵᠢᠯ  ᠤᠨ ᠤᠷᠤᠯᠳᠤᠭᠠᠨ  ᠤ ᠵᠣᠬᠢᠶᠠᠨ ᠪᠠᠢᠭᠤᠯᠬᠤ ᠵᠥᠪᠯᠡᠯ

2015 ᠡᠤᠨ ᠤ 11 ᠰᠠᠷ᠎ᠠ ᠶᠢᠨ 1 ᠤ ᠡᠳᠦᠷ

八省区第三届蒙古族传统家风家教大赛举办通知

第三届“八省区蒙古族传统家风家教展演大赛”将于2016年1月5至7号在苏尼特右旗赛罕塔拉举行。

本次大赛由八省区蒙古语文工作协作领导小组办公室、内蒙古自治区民委、内蒙古自治区文学艺术界联合会主办,苏尼特右旗委政府、内蒙古蒙古语卫视、内蒙古民俗文化研究基地承办,内蒙古日报蒙文版、中央人民广播电台蒙语广播、内蒙古人民广播电台蒙语广播协办。

本次大赛的目的是为了进一步深入贯彻落实党的十八大精神, 保护和传承蒙古民族文化,全面提高公民道德素质,弘扬传统而优秀的道德理念在公民、家庭、社会教育中的积极作用,积极培育和践行社会主义核心价值观,从而更好地为加强社会主义核心价值观体系建设营造良好的舆论氛围。

11月10日至12月10日为征集参赛作品时间,12月15——18日在呼和浩特市进行初赛。初赛后选拔出优胜者将参加决赛。大赛设一、二、三等奖及优秀奖,奖金最高1万元。

比赛分家风家教展演、才艺展示、知识问答3个环节。

比赛细则,详见蒙古文。

E_mail ᠄ xsqwl711@163.com 联系电话 ᠄ 13684739933 15047183242

2015 年 11 月 1 日

Posted in ᠲᠠᠨ ᠤ ᠠᠩᠬᠠᠷᠤᠯ ᠳ᠋ᠤ|热点信息 and tagged .