ᠪᠦᠭᠦ ᠤᠯᠤᠰ ᠤᠨ ᠡᠪᠦᠯ ᠦᠨ ᠤᠯᠠᠷᠢᠯ ᠤᠨ ᠲᠠᠮᠢᠷ ᠤᠨ ᠴᠤᠭᠯᠠᠭᠠᠨ ᠳᠤ ᠮᠠᠨ ᠤ ᠤᠷᠤᠨ ᠤ 121 ᠲᠠᠮᠢᠷᠴᠢᠨ ᠤᠷᠤᠯᠴᠠᠬᠤ ᠪᠠᠷ ᠪᠤᠢ第十三届全国冬季运动会将于2016年1月20日至30日在新疆维吾尔自治区举行 内蒙古派121人参加比赛

ᠪᠦᠭᠦ ᠤᠯᠤᠰ ᠤᠨ ᠡᠪᠦᠯ ᠦᠨ ᠤᠯᠠᠷᠢᠯ ᠤᠨ ᠲᠠᠮᠢᠷ ᠤᠨ ᠴᠤᠭᠯᠠᠭᠠᠨ ᠳᠤ ᠮᠠᠨ ᠤ ᠤᠷᠤᠨ ᠤ 121 ᠲᠠᠮᠢᠷᠴᠢᠨ ᠤᠷᠤᠯᠴᠠᠬᠤ ᠪᠠᠷ ᠪᠤᠢ

ᠰᠤᠷᠪᠤᠯᠵᠢᠯᠠᠭᠴᠢ ᠦᠴᠦᠭᠡᠳᠦᠷ ᠦᠪᠡᠷᠳᠡᠭᠡᠨ ᠵᠠᠰᠠᠬᠤ ᠤᠷᠤᠨ ᠤ ᠲᠠᠮᠢᠷ ᠤᠨ ᠲᠤᠪᠴᠢᠶ᠎ᠠ ᠠᠴᠠ ᠤᠢᠯᠠᠭᠠᠭᠰᠠᠨ ᠢᠶᠠᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠡᠪᠦᠯ ᠦᠨ ᠤᠯᠠᠷᠢᠯ ᠤᠨ ᠲᠠᠮᠢᠷ ᠤᠨ ᠴᠤᠭᠯᠠᠭᠠᠨ 2016 ᠤᠨ ᠤ 1 ᠰᠠᠷ᠎ᠠ ᠶᠢᠨ 20᠎ ᠤ ᠡᠳᠦᠷ ᠡᠴᠡ 30᠎ ᠤ ᠡᠳᠦᠷ ᠪᠤᠯᠳᠠᠯ᠎ᠠ ᠰᠢᠨᠵᠢᠶᠠᠩ ᠤᠨ ᠤᠢᠭᠤᠷ ᠦᠨᠳᠦᠰᠦᠳᠡᠨ ᠦ ᠦᠪᠡᠷᠳᠡᠭᠡᠨ ᠵᠠᠰᠠᠬᠤ ᠤᠷᠤᠨ ᠳᠤ ᠶᠠᠪᠤᠭᠳᠠᠵᠦ᠂ ᠦᠪᠦᠷ ᠮᠤᠩᠭᠤᠯ ᠤᠨ 121 ᠲᠠᠮᠢᠷᠴᠢᠨ 10 ᠲᠦᠷᠦᠯ ᠦᠨ ᠤᠷᠤᠯᠳᠤᠭᠠᠨ ᠳᠤ ᠤᠷᠤᠯᠴᠠᠬᠤ ᠪᠤᠯᠤᠨ᠎ᠠ᠃

ᠤᠢᠯᠠᠭᠠᠭᠰᠠᠨ ᠢᠶᠠᠷ᠂ ᠲᠤᠰ ᠬᠤᠭᠤᠴᠠᠭᠠᠨ ᠤ ᠡᠪᠦᠯ ᠦᠨ ᠤᠯᠠᠷᠢᠯ ᠤᠨ ᠲᠠᠮᠢᠷ ᠤᠨ ᠴᠤᠭᠯᠠᠭᠠᠨ ᠳᠤ ᠨᠡᠢᠳᠡ ᠮᠦᠰᠦᠨ ᠳᠦ ᠲᠡᠰᠢᠭᠦ᠂ ᠴᠠᠰᠤᠨ ᠳᠤ ᠴᠠᠨᠠᠯᠠᠬᠤ᠂ ᠡᠪᠦᠯ ᠦᠨ ᠤᠯᠠᠷᠢᠯ ᠤᠨ ᠬᠤᠶᠠᠷ ᠲᠦᠷᠦᠯ᠂ ᠮᠦᠰᠤᠨ ᠲᠡᠪᠤᠷ᠎ᠡ᠂ ᠮᠦᠰᠦᠨ ᠪᠦᠮᠪᠦᠭᠡ ᠵᠡᠷᠭᠡ 5 ᠶᠡᠭᠡ ᠲᠦᠷᠦᠯ ᠦᠨ 11 ᠬᠤᠪᠢᠶᠠᠷᠢ ᠲᠦᠷᠦᠯ ᠦᠨ 97 ᠪᠠᠭ᠎ᠠ ᠲᠦᠷᠦᠯ ᠦᠨ ᠤᠷᠤᠯᠳᠤᠭᠠᠨ ᠲᠤᠬᠢᠷᠠᠭᠤᠯᠪᠠ᠃ ᠮᠠᠨ ᠤ ᠤᠷᠤᠨ ᠤ ᠬᠦᠬᠡᠬᠤᠳᠠ᠂ ᠪᠤᠭᠤᠳᠤ᠂ ᠬᠦᠯᠦᠨ ᠪᠤᠢᠷ᠂ ᠬᠢᠩᠭᠠᠨ᠂ ᠲᠦᠩᠯᠢᠶᠤᠤ᠂ ᠤᠯᠠᠭᠠᠨᠬᠠᠳᠠ᠂ ᠰᠢᠯᠢ ᠶᠢᠨ ᠭᠤᠤᠯ᠂ ᠤᠯᠠᠭᠠᠨᠴᠠᠪ᠂ ᠤᠷᠳᠤᠰ᠂ ᠦᠬᠠᠢ ᠵᠡᠷᠭᠡ 10 ᠠᠢᠮᠠᠬ ᠬᠤᠳᠠ ᠶᠢᠨ 10 ᠲᠦᠯᠦᠭᠡᠯᠡᠭᠴᠢ ᠶᠢᠨ ᠪᠦᠯᠭᠦᠮ ᠡᠴᠡ ᠲᠦᠷᠭᠡᠨ ᠲᠠᠰᠢᠯᠳᠠ᠂ ᠤᠬᠤᠷ ᠵᠠᠮ ᠤᠨ ᠲᠦᠷᠭᠡᠨ ᠲᠠᠰᠢᠯᠳᠠ᠂ ᠡᠪᠦᠯ ᠦᠨ ᠤᠯᠠᠷᠢᠯ ᠤᠨ ᠬᠤᠶᠠᠷ ᠲᠦᠷᠦᠯ᠂ ᠬᠡᠬᠡᠷᠡᠯᠡᠨ ᠴᠠᠰᠤᠨ ᠳᠤ ᠴᠠᠨᠠᠯᠠᠬᠤ᠂ ᠳ᠋ᠠᠩ ᠬᠠᠪᠳᠠᠰᠤ ᠪᠠᠷ U ᠬᠡᠯᠪᠡᠷᠢ ᠶᠢᠨ ᠲᠠᠯᠠᠪᠤᠷ ᠲᠤ ᠴᠠᠰᠤᠨ ᠳᠤ ᠴᠠᠨᠠᠯᠠᠬᠤ᠂ ᠦᠨᠳᠦᠷ ᠠᠭᠤᠯᠠᠨ ᠳᠤ ᠴᠠᠰᠤᠨ ᠳᠤ ᠴᠠᠨᠠᠯᠠᠬᠤ᠂ ᠲᠠᠪᠴᠠᠩ ᠠᠴᠠ ᠴᠠᠰᠤᠨ ᠳᠤ ᠴᠠᠨᠠᠯᠠᠬᠤ᠂ ᠴᠢᠯᠦᠭᠡᠳᠦ ᠬᠡᠯᠪᠡᠷᠢ ᠶᠢᠨ ᠴᠠᠰᠤᠨ ᠳᠤ ᠴᠠᠨᠠᠯᠠᠬᠤ ᠮᠡᠷᠭᠡᠵᠢᠯ᠂ ᠮᠦᠰᠦᠨ ᠲᠡᠪᠤᠷ᠎ᠡ᠂ ᠮᠦᠰᠦᠨ ᠪᠦᠮᠪᠦᠭᠡ ᠵᠡᠷᠭᠡ 10 ᠲᠦᠷᠦᠯ ᠦᠨ ᠤᠷᠤᠯᠳᠤᠭᠠᠨ ᠳᠤ ᠤᠷᠤᠯᠴᠠᠵᠦ᠂ ᠨᠡᠢᠳᠡ 121 ᠲᠠᠮᠢᠷᠴᠢᠨ ᠤᠷᠤᠯᠴᠠᠬᠤ ᠪᠤᠯᠤᠨ᠎ᠠ᠃

第十三届全国冬季运动会将于2016年1月20日至30日在新疆维吾尔自治区举行 内蒙古派121人参加比赛

第十三届全国冬季运动会将于2016年1月20日至30日在新疆维吾尔自治区举行, 本届冬季运动会共设滑冰、滑雪、冬季两项、冰球、冰壶5个大项11分项97小项。届时,我区呼和浩特市、包头市、呼伦贝尔市、兴安盟、通辽市、赤峰市、锡林郭勒盟、乌兰察布市、鄂尔多斯市、乌海市等10个盟市将组成10个代表团参加速度滑冰、短道速滑、冬季两项、越野滑雪、单板滑雪U型场地、高山滑雪、跳台滑雪、自由式滑雪雪上技巧、冰壶、冰球10个项目的角逐,参赛总人数达到121人。
Posted in ᠤᠷᠤᠯᠳᠤᠭᠠᠨ ᠨᠠᠭᠠᠳᠤᠮ| 赛事赛况 and tagged .