ᠦᠪᠦᠷ ᠮᠤᠩᠭᠤᠯ ᠤᠨ ᠰᠢᠲᠠᠷ᠎ᠠ ᠶᠢᠨ ᠨᠢᠭᠡᠴᠡ ᠶᠢᠨ ᠤᠷᠤᠯᠳᠤᠭᠠᠨ᠄ ᠪᠤᠭᠤᠲᠤ ᠶᠢᠨ ᠬᠢᠨ ···2015年内蒙古自治区象棋团体赛日前落幕

 

ᠦᠪᠦᠷ ᠮᠤᠩᠭᠤᠯ ᠤᠨ ᠰᠢᠲᠠᠷ᠎ᠠ ᠶᠢᠨ ᠨᠢᠭᠡᠴᠡ ᠶᠢᠨ ᠤᠷᠤᠯᠳᠤᠭᠠᠨ᠄ ᠪᠤᠭᠤᠲᠤ ᠶᠢᠨ ᠬᠢᠨ ᠮᠠᠩᠯᠠᠶᠢᠯᠠᠪᠠ

12 ᠰᠠᠷ᠎ᠠ ᠶᠢᠨ 26 ᠤ ᠡᠳᠦᠷ᠂ ᠦᠪᠦᠷ ᠮᠤᠩᠭᠤᠯ ᠤᠨ ᠪᠡᠶ᠎ᠡ ᠶᠢᠨ ᠲᠠᠮᠢᠷ ᠤᠨ ᠶᠡᠷᠦᠩᠬᠡᠢ ᠡᠪᠯᠡᠯ ᠠᠴᠠ ᠭᠤᠤᠯᠯᠠᠨ ᠡᠷᠬᠢᠯᠡᠭᠰᠡᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠢᠲᠠᠷ᠎ᠠ ᠶᠢᠨ ᠨᠢᠭᠡᠴᠡ ᠶᠢᠨ ᠤᠷᠤᠯᠳᠤᠭᠠᠨ ᠬᠦᠬᠡᠬᠤᠲᠠ ᠳᠤ ᠦᠨᠳᠦᠷᠯᠡᠪᠡ᠃

ᠤᠢᠢᠯᠠᠭᠠᠭᠰᠠᠨ ᠢᠶᠠᠷ᠂ ᠦᠪᠦᠷ ᠮᠤᠩᠭᠤᠯ ᠤᠨ ᠰᠢᠲᠠᠷ᠎ᠠ ᠶᠢᠨ ᠨᠢᠭᠡᠴᠡ ᠶᠢᠨ ᠤᠷᠤᠯᠳᠤᠭᠠᠨ ᠪᠤᠯ ᠦᠪᠡᠷᠲᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠶᠡᠷᠦᠩᠬᠡᠢ ᠡᠪᠯᠡᠯ ᠤᠨ 2015 ᠤᠨ ᠳᠠᠬᠢ ᠦᠪᠦᠷ ᠮᠤᠩᠭᠤᠯ ᠤᠨ ᠰᠢᠲᠠᠷ᠎ᠠ ᠶᠢᠨ ᠠᠵᠢᠯ ᠤᠨ ᠴᠢᠯᠦᠭᠡᠨ ᠤ ᠳᠡᠰ ᠤᠨ ᠤᠷᠤᠯᠳᠤᠭᠠᠨ ᠠᠴᠠ ᠬᠤᠶᠢᠰᠢᠬᠢ ᠡᠷᠬᠢᠯᠡᠭᠰᠡᠨ ᠪᠠᠰᠠ ᠨᠢᠭᠡ ᠲᠦᠷᠦᠯ ᠤᠨ ᠪᠦᠬᠦ ᠤᠷᠤᠨ ᠤ ᠬᠡᠪᠴᠢᠶ᠎ᠡ ᠲᠠᠢ ᠰᠢᠲᠠᠷ᠎ᠠ ᠶᠢᠨ ᠤᠷᠤᠯᠳᠤᠭᠠᠨ ᠪᠤᠯᠤᠨ᠎ᠠ᠃ ᠲᠡᠷᠡ ᠨᠢ 《ᠪᠦᠬᠦ ᠠᠷᠠᠳ ᠤᠨ ᠪᠡᠶ᠎ᠡ ᠪᠤᠯᠪᠠᠰᠤᠷᠠᠬᠤ ᠳᠦᠷᠢᠮ》ᠪᠠ 《ᠪᠦᠬᠦ ᠠᠷᠠᠳ ᠤᠨ ᠪᠡᠶ᠎ᠡ ᠪᠤᠯᠪᠠᠰᠤᠷᠠᠬᠤ ᠲᠦᠯᠦᠪᠯᠡᠭᠡ》 ᠶᠢ ᠬᠦᠨᠵᠡᠭᠡᠶᠢᠷᠡᠨ ᠳᠤᠤᠱᠯᠠᠭᠤᠯᠵᠤ᠂ ᠮᠠᠨ ᠤ ᠤᠷᠤᠨ ᠤ ᠠᠷᠠᠳ ᠲᠦᠮᠡᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠵᠤ ᠮᠠᠨ ᠤ ᠤᠷᠤᠨ ᠤ ᠰᠢᠲᠠᠷ᠎ᠠ ᠶᠢᠨ ᠠᠵᠢᠯᠯᠠᠭᠠᠨ ᠤ ᠰᠤᠯᠢᠯᠴᠠᠭ᠎ᠠ ᠬᠦᠭᠵᠢᠯᠲᠡ ᠶᠢ ᠠᠬᠢᠭᠤᠯᠬᠤ ᠪᠠᠷ ᠵᠤᠷᠢᠯᠭ᠎ᠠ ᠪᠠᠨ ᠪᠤᠯᠭᠠᠵᠠᠢ᠃ ᠲᠤᠰ ᠤᠳᠠᠭᠠᠨ ᠤ ᠤᠷᠤᠯᠳᠤᠭᠠᠨ ᠬᠤᠶᠠᠷ ᠡᠳᠦᠷ ᠶᠠᠪᠤᠭᠳᠠᠵᠤ᠂ ᠮᠠᠨ ᠤ ᠤᠷᠤᠨ ᠤ 6 ᠠᠶᠢᠮᠠᠭ ᠬᠤᠲᠠ ᠶᠢᠨ ᠰᠢᠲᠠᠷ᠎ᠠ ᠶᠢᠨ ᠲᠦᠯᠦᠭᠡᠯᠡᠭᠴᠢᠳ ᠤᠨ ᠠᠩᠭᠢ ᠤᠷᠤᠯᠳᠤᠭᠠᠨ ᠳᠤ ᠤᠷᠤᠯᠴᠠᠵᠤ᠂ ᠰᠢᠷᠦᠭᠦᠨ ᠲᠡᠮᠡᠴᠡᠭᠡᠨ ᠢᠶᠠᠷ ᠳᠠᠮᠵᠢᠨ᠂ ᠪᠤᠭᠤᠲᠤ ᠬᠤᠲᠠ ᠶᠢᠨ ᠲᠦᠯᠦᠭᠡᠯᠡᠭᠴᠢᠳ ᠤᠨ ᠠᠩᠭᠢ᠂ ᠬᠦᠬᠡᠬᠤᠲᠠ ᠶᠢᠨ ᠲᠦᠯᠦᠭᠡᠯᠡᠭᠴᠢᠳ ᠤᠨ ᠠᠩᠭᠢ᠂ ᠦᠬᠠᠢ ᠬᠤᠲᠠ ᠶᠢᠨ ᠲᠦᠯᠦᠭᠡᠯᠡᠭᠴᠢᠳ ᠤᠨ ᠠᠩᠭᠢ ᠡᠮᠦᠨ᠎ᠡ ᠭᠤᠷᠪᠠᠨ ᠨᠠᠷᠡᠰ ᠲᠤ ᠲᠤᠳᠤᠷᠠᠪᠠ᠃

 

2015年内蒙古自治区象棋团体赛日前落幕

2015年12月25至26日,由内蒙古自治区体育总会主办的内蒙古自治区象棋团体赛在呼和浩特市举行。共有来自全区6个盟市的象棋代表队参加比赛,经过激烈角逐,包头市代表队、呼和浩特市代表队、乌海市代表队分别取得比赛的前三名。

内蒙古自治区象棋团体赛是自治区体育总会2015年继内蒙古象棋业余等级赛之后举办的又一项全区象棋比赛,旨在深入贯彻《全民健身条例》、《全民健身计划》,落实自治区体育工作“33533”发展思路,丰富我区人民群众文体生活,促进我区象棋运动交流发展。

 
 
Posted in ᠤᠷᠤᠯᠳᠤᠭᠠᠨ ᠨᠠᠭᠠᠳᠤᠮ| 赛事赛况 and tagged , .