《ᠮᠤᠨᠭᠭᠤᠯ ᠬᠡᠯᠡᠨ ᠤ ᠶᠡᠬᠡ ᠲᠠᠢᠢᠯᠪᠤᠷᠢ ᠲᠤᠯᠢ》 ᠶᠢᠨ ᠨᠡᠭᠡᠭᠡᠯᠲᠡ ᠶᠢᠨ ᠶᠤᠰᠤᠯᠠᠯ ᠪᠤᠯᠤᠯ᠎ᠠ《蒙古语大辞典》发行仪式

 
 
《ᠮᠤᠨᠭᠭᠤᠯ ᠬᠡᠯᠡᠨ ᠤ ᠶᠡᠬᠡ ᠲᠠᠢᠢᠯᠪᠤᠷᠢ ᠲᠤᠯᠢ》 ᠶᠢᠨ ᠨᠡᠭᠡᠭᠡᠯᠲᠡ ᠶᠢᠨ ᠶᠤᠰᠤᠯᠠᠯ ᠪᠤᠯᠤᠯ᠎ᠠ ᠮᠣᠩᠭᠣᠯ ᠤᠯᠤᠰ ᠤᠨ ᠶᠡᠷᠦᠩᠬᠡᠶᠢᠯᠡᠭᠴᠢ ᠴᠠᠬᠢᠶ᠎ᠠ ᠶᠢᠨ ᠡᠯᠪᠡᠭ᠍ᠳᠣᠷᠵᠢ ᠶᠢᠨ ᠰᠠᠨᠠᠭᠠᠴᠢᠯᠠᠭ᠎ᠠ᠂ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠤᠨ ᠢᠪᠡᠭᠡᠯ ᠳᠣᠣᠷ᠎ᠠ ᠰᠢᠨᠵᠢᠯᠡᠬᠦ ᠤᠬᠠᠭᠠᠨ ᠤ ᠠᠺᠠᠳᠧᠮᠢ ᠶᠢᠨ ᠬᠡᠯᠡ ᠵᠣᠬᠢᠶᠠᠯ ᠤᠨ ᠬᠦᠷᠢᠶᠡᠯᠡᠩ᠂ ᠹᠢᠽᠢᠺ ᠲᠧᠭᠨᠣᠯᠣᠭᠢ ᠶᠢᠨ ᠬᠦᠷᠢᠶᠡᠯᠡᠩ ᠦᠨ ᠡᠷᠳᠡᠮᠲᠡᠨ ᠰᠤᠳᠤᠯᠤᠭᠠᠴᠢᠳ ᠮᠣᠩᠭᠣᠯ ᠬᠡᠯᠡᠨ ᠦ ᠲᠣᠯᠢ ᠪᠢᠴᠢᠭ᠌ ᠦᠨ ᠤᠯᠠᠮᠵᠢᠯᠠᠯ ᠳᠤ ᠲᠤᠯᠭᠠᠭᠤᠷᠢᠯᠠᠨ᠂ ᠨᠡᠶᠢᠭᠡᠮ ᠤᠨ ᠬᠥᠭ᠍ᠵ᠍᠍ᠢᠯ ᠬᠤᠪᠢᠰᠤᠯ ᠤᠨ ᠱᠠᠭᠠᠷᠳᠠᠯᠭ᠎ᠠ ᠳᠤ ᠨᠡᠶᠢᠴᠡᠭᠦᠯᠵᠦ《ᠮᠣᠩᠭᠣᠯ ᠬᠡᠯᠡᠨ ᠦ ᠶᠡᠬᠡ ᠲᠠᠶᠢᠯᠪᠤᠷᠢ ᠲᠣᠯᠢ》 ᠵᠢ ᠪᠦᠲᠦᠭᠡᠨ ᠥᠷᠭᠡᠨ ᠲᠦᠮᠡᠨ ᠳᠡᠭᠡᠨ ᠡᠷᠭᠦᠨ ᠪᠠᠷᠢᠵᠤ ᠪᠠᠢᠢᠭ᠎ᠠ ᠪᠢᠯᠡ᠃ ᠣᠳᠣ ᠠᠴᠠ ᠶᠠᠭ ᠨᠢᠭᠡ ᠵᠢᠯ ᠦᠨ ᠡᠮᠦᠨ᠎ᠡ《ᠮᠣᠩᠭᠣᠯ ᠬᠡᠯᠡᠨ ᠦ ᠴᠠᠬᠢᠮ ᠲᠠᠶᠢᠯᠪᠤᠷᠢ ᠲᠣᠯᠢ》ᠲᠥᠰᠥᠯ ᠦᠨ ᠲᠠᠨᠢᠯᠴᠠᠭᠤᠯᠭ᠎ᠠ ᠪᠣᠯᠵᠤ ᠪᠠᠶᠢᠭᠰᠠᠨ ᠶᠤᠮ᠃ ᠲᠡᠭᠡᠪᠡᠯ ᠤᠭ mongoltoli.mn  ᠦᠨ ᠨᠡᠭᠡᠭᠡᠯᠲᠡ ᠶᠢᠨ ᠶᠣᠰᠣᠯᠠᠯ ᠥᠨᠥᠳᠥᠷ ᠶᠡᠷᠦᠩᠬᠡᠶᠢᠯᠡᠭᠴᠢ ᠶᠢᠨ ᠳᠡᠷᠭᠡᠳᠡᠬᠢ ᠢᠷᠭᠡᠨ ᠦ ᠲᠠᠩᠬᠢᠮ ᠳᠤ ᠪᠣᠯᠤᠯ᠎ᠠ᠃ ᠨᠡᠭᠡᠭᠡᠯᠲᠡ ᠶᠢᠨ ᠦᠢᠯᠡ ᠠᠵᠢᠯᠯᠠᠭᠠᠨ ᠳᠤ ᠮᠣᠩᠭᠣᠯ ᠤᠯᠤᠰ ᠤᠨ ᠶᠡᠷᠦᠩᠬᠡᠶᠢᠯᠡᠭᠴᠢ ᠴᠠᠬᠢᠶ᠎ᠠ ᠶᠢᠨ ᠡᠯᠪᠡᠭ᠍ᠳᠣᠷᠵᠢ᠂ ᠰᠢᠨᠵᠢᠯᠡᠬᠦ ᠤᠬᠠᠭᠠᠨ ᠤ ᠠᠺᠠᠳᠧᠮᠢ ᠦᠨ ᠡᠷᠳᠡᠮᠲᠡᠨ ᠰᠤᠳᠤᠯᠤᠭᠠᠴᠢᠳ᠂ ᠮᠣᠩᠭᠣᠯ ᠬᠡᠯᠡ ᠰᠤᠳᠤᠯᠤᠯ ᠤᠨ ᠡᠷᠳᠡᠮᠲᠡᠳ᠂ ᠪᠠᠭᠰᠢ ᠨᠠᠷ ᠤᠨ ᠲᠥᠯᠥᠭᠡᠯᠡᠭ᠍ᠴᠢᠳ ᠣᠷᠣᠯᠴᠠᠯ᠎ᠠ᠃ 《ᠮᠣᠩᠭᠣᠯ ᠬᠡᠯᠡᠨ ᠦ ᠶᠡᠬᠡ ᠲᠠᠶᠢᠯᠪᠤᠷᠢ ᠲᠣᠯᠢ》᠍ ᠦᠨ ᠨᠡᠭᠡᠭᠡᠯᠲᠡ ᠶᠢᠨ ᠶᠣᠰᠣᠯᠠᠯ ᠢ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠫ ∙ ᠴᠠᠭᠠᠨ ᠡᠷᠬᠢᠯᠡᠵᠦ᠂ ᠰᠢᠨᠵᠢᠯᠡᠬᠦ ᠤᠬᠠᠭᠠᠨ ᠤ ᠠᠺᠠᠳᠧᠮᠢ ᠦᠨ ᠶᠡᠷᠦᠩᠬᠡᠶᠢᠯᠡᠭᠴᠢ ᠠᠺᠠᠳᠧᠮᠢᠴᠢ ᠪ ∙ ᠡᠩᠬᠡᠲᠦᠪᠰᠢᠨ᠂ ᠰᠢᠨᠵᠢᠯᠡᠬᠦ ᠤᠬᠠᠭᠠᠨ ᠤ ᠠᠺᠠᠳᠧᠮᠢ ᠶᠢᠨ ᠬᠡᠯᠡ ᠵᠣᠬᠢᠶᠠᠯ ᠤᠨ ᠬᠦᠷᠢᠶᠡᠯᠡᠩ ᠦᠨ ᠵᠠᠬᠢᠷᠤᠯ᠂ ᠲᠥᠰᠥᠯ ᠦᠨ ᠤᠳᠤᠷᠢᠳᠤᠭᠴᠢ᠂ ᠠᠺᠠᠳᠧᠮᠢᠴᠢ ᠯ ∙ ᠪᠣᠯᠣᠳ ᠨᠠᠷ ᠦᠭᠡ ᠬᠡᠯᠡᠨ᠂ 《ᠮᠤᠨᠭᠭᠤᠯ ᠬᠡᠯᠡᠨ ᠤ ᠶᠡᠬᠡ ᠲᠠᠢᠢᠯᠪᠤᠷᠢ ᠲᠤᠯᠢ》 ᠶᠢᠨ ᠶᠡᠷᠦᠩᠬᠡᠢ ᠪᠦᠲᠦᠴᠡ᠂ ᠵᠠᠭᠪᠤᠷ᠂ ᠠᠴᠢ ᠬᠣᠯᠪᠣᠭᠳᠠᠯ ᠢ ᠰᠢᠨᠵᠢᠯᠡᠬᠦ ᠤᠬᠠᠭᠠᠨ ᠤ ᠠᠺᠠᠳᠧᠮᠢ ᠶᠢᠨ ᠬᠡᠯᠡ ᠵᠣᠬᠢᠶᠠᠯ ᠤᠨ ᠬᠦᠷᠢᠶᠡᠯᠡᠩ ᠦᠨ ᠡᠷᠳᠡᠮ ᠰᠢᠨᠵᠢᠯᠡᠭᠡᠨ ᠦ ᠠᠵᠢᠯᠲᠠᠨ᠂ ᠳ᠋ᠣᠺᠲ᠋ᠣᠷ ᠲ ∙ ᠫᠦᠷᠪᠦᠰᠦ᠋ᠷᠦᠩ ᠲᠠᠨᠢᠯᠴᠠᠭᠤᠯᠪᠠ᠃ ᠨᠡᠭᠡᠭᠡᠯᠲᠡ ᠶᠢᠨ ᠦᠢᠯᠡ ᠠᠵᠢᠯᠯᠠᠭᠠᠨ ᠳᠤ ᠮᠣᠩᠭᠣᠯ ᠤᠯᠤᠰ ᠤᠨ ᠶᠡᠷᠦᠩᠬᠡᠶᠢᠯᠡᠭᠴᠢ ᠴᠠᠬᠢᠶ᠎ᠠ ᠶᠢᠨ ᠡᠯᠪᠡᠭ᠍ᠳᠣᠷᠵᠢ ᠣᠷᠣᠯᠴᠠᠵᠤ ᠦᠭᠡ ᠬᠡᠯᠡᠭᠰᠡᠨ ᠪᠥᠭᠡᠳ ᠶᠣᠰᠣᠯᠠᠯ ᠤᠨ ᠳᠠᠷᠠᠭ᠎ᠠ ᠲᠥᠰᠥᠯ ᠦᠨ ᠪᠠᠭ ᠤᠨ ᠬᠢᠨ ᠪᠣᠯᠤᠨ ᠶᠣᠰᠣᠯᠠᠯ ᠳᠤ ᠣᠷᠣᠯᠴᠠᠭᠰᠠᠨ ᠬᠦᠮᠦᠰ ᠮᠣᠩᠭᠣᠯ ᠤᠯᠤᠰ ᠤᠨ ᠶᠡᠷᠦᠩᠬᠡᠶᠢᠯᠡᠭᠴᠢ ᠲᠡᠢ ᠬᠠᠮᠲᠤ ᠳᠤᠷᠠᠰᠬᠠᠯ ᠤᠨ ᠵᠢᠷᠤᠭ ᠠᠪᠬᠠᠭᠤᠯᠪᠠ᠃
 
 
Posted in ᠨᠤᠮ ᠳ᠋ᠤ ᠮᠦᠷᠭᠦᠶ᠎ᠡ |好书推荐 and tagged .